ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠣᠶ | ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ | ᠬᠦᠢᠴᠡᠳᠭᠡᠬᠦ ᠳᠤ ᠲᠥᠬᠦᠮ ᠦᠵᠡᠭᠦᠯᠬᠦ ᠪᠠᠷ ᠭᠤᠤᠯ ᠪᠣᠯᠭᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠᠷ | ᠰᠠᠭᠤᠷᠢ ᠪᠣᠯᠭᠠᠨ᠂ ᠶᠠᠪᠤᠴᠠ ᠪᠠᠷ ᠳᠠᠬᠢᠨ ᠪᠠᠶᠢᠭᠤᠯᠬᠤ ᠪᠠᠷ ᠵᠠᠩᠭᠢᠯᠠᠭ᠎ᠠ ᠪᠣᠯᠭᠠᠵᠤ᠂ ︽ᠢᠨᠲ᠋ᠧᠷ ᠰᠦᠯᠵᠢᠶ᠎ᠡ +︾ | ᠪᠠᠷ ᠲᠤᠯᠭᠠᠭᠤᠷᠢᠯᠠᠯ ᠪᠣᠯᠭᠠᠵᠤ᠂ ᠠᠵᠢᠯ ᠶᠠᠪᠤᠳᠠᠯ ᠬᠦᠢᠴᠡᠳᠭᠡᠬᠦ ᠶᠠᠪᠤᠴᠠ ᠶᠢ ᠳᠥᠭᠦᠮᠴᠢᠯᠡᠬᠦ᠂ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠶᠢᠯᠠᠭᠠᠭᠳᠠᠬᠤᠨ᠂ ᠲᠦᠷᠢᠮ᠂ ᠰᠤᠷᠲᠠᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠣᠶ | ᠰᠢᠭᠤᠶ ᠡᠪᠡᠰᠦ ᠪᠡᠯᠴᠢᠭᠡᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠬᠦᠯᠪᠡ᠃ | ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠪᠥᠲᠥᠭᠡᠨ | ᠪᠠᠶᠢᠭᠤᠯᠤᠯᠲᠠ ᠶᠢᠨ ᠪᠤᠭᠤᠲᠤ ᠶᠢᠨ ᠭᠤᠷᠪᠠᠳᠤᠭᠠᠷ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠴᠠᠬᠢᠯᠭᠠᠨ ᠤ | ᠠᠮᠢᠳᠤᠯᠢᠭ ᠴᠢᠨᠠᠷᠲᠠᠶ ᠥᠭᠡᠷᠡᠴᠢᠯᠡᠯᠲᠡ ᠬᠢᠵᠦ ᠰᠢᠩᠭᠡᠭᠡᠬᠦ ᠰᠢᠨ᠎ᠡ ᠡᠨᠧᠷᠭᠢ ᠶᠢᠨ ᠲᠥᠷᠥᠯ ᠵᠦᠢᠯ ᠪᠣᠯ ᠪᠥᠬᠦ | ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠪᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠶ ᠥᠭᠡᠷᠡᠴᠢᠯᠡᠯᠲᠡ ᠬᠢᠵᠦ ᠰᠢᠩᠭᠡᠭᠡᠬᠦ ᠰᠢᠨ᠎ᠡ ᠡᠨᠧᠷᠭᠢ ᠶᠢᠨ ᠲᠥᠷᠥᠯ | ᠵᠦᠢᠯ ᠪᠣᠯᠤᠨ᠎ᠠ᠂ ᠲᠣᠰ ᠺᠣᠮᠫᠠᠨᠢ ᠶᠢᠨ 2 ᠲᠥᠷᠥᠯ ᠵᠦᠢᠯ ᠤᠨ ᠰᠠᠯᠬᠢᠨ ᠬᠦᠴᠦᠨ ᠤ ᠮᠠᠰᠢᠨ ᠤ ᠰᠠᠭᠤᠳᠠᠯ ᠵᠢᠴᠢ | ᠪᠠᠶᠢᠴᠠᠭᠠᠨ ᠵᠠᠰᠠᠬᠤ ᠵᠠᠮ ᠤᠨ ᠡᠵᠡᠯᠡᠬᠦ ᠭᠠᠵᠠᠷ ᠨᠢ ᠪᠠᠷᠤᠭ 433 ᠮᠥ ᠪᠠᠶᠢᠵᠤ᠂ ᠳᠠᠷᠬᠠᠨ ᠰᠤᠮᠤ ᠶᠢᠨ 55 ᠡᠷᠦᠬᠡ | ᠮᠠᠯᠴᠢᠳ ᠲᠠᠢ ᠬᠤᠯᠪᠣᠭᠳᠠᠨ᠎ᠠ᠂ ᠦᠨᠳᠦᠰᠦᠨ ᠨᠤᠲᠤᠭ ᠪᠡᠯᠴᠢᠭᠡᠷ ᠤᠨ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠴᠢᠬᠤᠯᠠᠲᠠᠶ᠃ ᠲᠣᠰ ᠠᠵᠤ ᠠᠬᠤᠶᠢᠯᠠᠯ ᠤᠨ ᠲᠠᠯᠠᠪᠠᠶ ᠶᠡᠭᠡ᠂ ᠬᠤᠯᠪᠤᠭᠳᠠᠬᠤ | ᠮᠠᠯᠴᠢᠳ ᠣᠯᠠᠨ᠂ ᠴᠠᠬᠢᠯᠭᠠᠨ ᠮᠡᠳᠡᠭᠦᠯᠬᠦ ᠳᠤ ᠬᠦᠴᠢᠷᠲᠡᠶ ᠪᠣᠯᠬᠤᠷ ᠠᠵᠤ ᠠᠬᠤᠶᠢᠯᠠᠯ ᠤᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠢ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠭᠥᠯᠢᠶᠡᠨ ᠠᠪᠤᠭᠰᠠᠨ ᠤ ᠳᠠᠷᠠᠭ᠎ᠠ᠂ | ᠦᠨᠳᠦᠰᠦᠨ ᠨᠤᠲᠤᠭ ᠪᠡᠯᠴᠢᠭᠡᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠬᠠᠪᠰᠤᠷᠤᠨ | ᠬᠦᠢᠴᠡᠳᠭᠡᠵᠦ᠂ ᠭᠤᠶᠤᠴᠢᠯᠠᠭᠴᠢ ᠶᠢᠨ ᠬᠠᠩᠭᠠᠭᠰᠠᠨ ᠮᠠᠲ᠋ᠧᠷᠢᠶᠠᠯ ᠢ ᠬᠢᠨᠠᠨ ᠵᠥᠪᠰᠢᠶᠡᠷᠡᠬᠦ ᠨᠥᠬᠦᠴᠡᠯ ᠲᠠᠢ | ᠬᠠᠷᠢᠴᠠᠭᠤᠯᠤᠨ ᠬᠢᠨᠠᠨ ᠲᠤᠭᠳᠠᠭᠠᠵᠤ᠂ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ | ᠬᠡᠯᠪᠡᠷᠢ ᠳᠤ ᠨᠡᠶᠢᠴᠡᠬᠦ ᠥᠬᠡᠶ ᠪᠠᠶᠢᠪᠠᠯ᠂ ᠲᠤᠬᠠᠶ ᠶᠢᠨ ᠲᠠᠯᠠᠪᠤᠷ ᠲᠤᠨᠢ ᠨᠥᠬᠦᠪᠥᠷᠢᠯᠡᠨ ᠵᠠᠯᠠᠷᠠᠭᠤᠯᠤᠭᠤᠯᠬᠤ ᠶᠢ | ᠭᠤᠶᠤᠴᠢᠯᠠᠭᠴᠢ ᠳᠤ ᠬᠡᠯᠡᠵᠦ ᠥᠭᠴᠦ᠂ ᠲᠡᠷᠡ ᠳᠣᠤᠷ᠎ᠠ ᠨᠢ ᠨᠥᠬᠦᠪᠥᠷᠢᠯᠡᠨ ᠵᠠᠯᠠᠷᠠᠭᠤᠯᠵᠤ ᠳᠡᠶᠢᠯᠬᠦ ᠥᠬᠡᠶ ᠪᠣᠯ | ᠨᠥᠬᠦᠵᠦ ᠵᠠᠯᠠᠷᠠᠭᠤᠯᠬᠤ ᠮᠠᠲ᠋ᠧᠷᠢᠶᠠᠯ ᠤᠨ ᠮᠡᠳᠡᠭᠳᠡᠯ ᠤᠨ ᠪᠢᠴᠢᠭ ᠭᠠᠷᠭᠠᠪᠠ᠃ | ᠭᠥᠯᠢᠶᠡᠨ ᠠᠪᠴᠤ ᠰᠢᠢᠳᠪᠦᠷᠢᠯᠡᠬᠦ ᠶᠠᠪᠤᠴᠠ ᠳᠤ᠂ ᠠᠯᠬᠤᠮ ᠳᠠᠷᠠᠭ᠎ᠠ᠂ ᠭᠤᠭᠴᠤᠭ᠎ᠠ ᠨᠢᠭᠡᠪᠦᠷᠢ᠂ | ᠱᠠᠭᠠᠷᠳᠠᠯᠭ᠎ᠠ ᠨᠢᠭᠡᠪᠦᠷᠢ᠂ ᠤᠴᠢᠷ ᠶᠠᠪᠤᠳᠠᠯ ᠨᠢᠭᠡᠪᠦᠷᠢ ᠶᠢ ᠴᠥᠮ ᠬᠠᠤᠯᠢ ᠶᠢᠨ ᠦᠨᠳᠦᠰᠦᠯᠡᠯ ᠲᠠᠢ᠂ ᠵᠦᠶ ᠵᠣᠬᠢᠰᠲᠠᠶ | ᠪᠠᠶᠢᠯᠭᠠᠬᠤ ᠶᠢ ᠪᠠᠲᠤᠯᠠᠵᠤ᠂ ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠵᠢᠷᠤᠮᠵᠢᠭᠤᠯᠤᠨ ᠳᠡᠭᠡᠭᠰᠢᠯᠡᠭᠦᠯᠬᠦ ᠳᠤ | ᠪᠠᠲᠤᠯᠠᠭ᠎ᠠ ᠬᠠᠩᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠠᠵᠤ | ᠠᠬᠤᠶᠢᠯᠠᠯ ᠳᠤ ᠨᠠᠩ ᠣᠨᠣᠪᠴᠢᠲᠠᠶ᠂ ᠨᠠᠩ ᠲᠦᠷᠭᠡᠨ᠂ ᠨᠠᠩ ᠪᠦᠲᠦᠮᠵᠢᠲᠡᠶ ᠦᠢᠯᠡᠴᠢᠯᠡᠭᠡᠨ ᠤ ᠪᠠᠲᠤᠯᠠᠭ᠎ᠠ | ᠬᠠᠩᠭᠠᠵᠤ᠂ ᠪᠥᠬᠦ ᠬᠤᠰᠢᠭᠤᠨ ᠤ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠳᠤ | ᠬᠦᠴᠦᠨ ᠴᠢᠳᠠᠯ ᠢᠶᠠᠨ ᠡᠷᠭᠦᠪᠡ᠃ |