ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ 2025 ᠣᠨ ᠤ ᠴᠠᠭᠠᠨ ᠰᠠᠷ᠎ᠠ ᠶᠢᠨ ᠭᠡᠷᠡᠯᠲᠦᠭᠦᠯᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/1/21
      2025 ᠣᠨ ᠤ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠳᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠵᠤᠵᠠᠭᠠᠳᠬᠠᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠷᠠᠳ ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ᠂ ᠡᠷᠡᠭᠦᠯ ᠪᠣᠯᠪᠠᠰᠤᠨ᠂  ᠡᠶ᠎ᠡ ᠵᠣᠬᠢᠴᠠᠯ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠵᠢᠷᠤᠭ ᠲᠥᠯᠥᠪᠯᠡᠭᠡ ᠶᠢᠨ ᠲᠥᠰᠦᠯ ᠢ ᠨᠠᠷᠢᠨ ᠨᠢᠮᠪᠠᠢ ᠳᠣᠭᠳᠠᠭᠠᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠤᠭᠰᠠᠷᠠᠵᠤ᠂ 2025 ᠣᠨ ᠤ ᠴᠠᠭᠠᠨ ᠰᠠᠷ᠎ᠠ ᠶᠢᠨ ᠭᠡᠷᠡᠯᠲᠦᠭᠦᠯᠭᠡ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠬᠤᠲᠠ ᠶᠢᠨ ᠦᠵᠡᠮᠵᠢ ᠶᠢ ᠭᠤᠶᠣ ᠰᠠᠶᠢᠬᠠᠨ ᠪᠤᠯᠭᠠᠵᠤ᠂ ᠰᠢᠨ᠎ᠡ ᠵᠢᠯ ᠤᠨ ᠦᠨᠦᠷ ᠠᠮᠲᠠ ᠨᠡᠩ ᠥᠳᠭᠡᠨ᠃ ᠡᠯ᠎ᠡ ᠳᠣᠨᠣᠯᠵᠢᠨ ᠵᠠᠮ ᠳᠤ᠂ ᠠᠰᠠᠷ ᠤᠨ ᠭᠡᠷᠡᠯᠲᠦᠭᠦᠯᠭᠡ  ᠶᠢ ᠨᠠᠷᠢᠨ ᠨᠢᠮᠪᠠᠢ ᠪᠠᠶᠢᠷᠢᠯᠠᠭᠤᠯᠵᠤ᠂ ᠦᠡᠭᠭᠡᠵᠢᠬᠦ᠂  ᠭᠡᠭᠡᠨ ᠰᠠᠷᠠᠭᠤᠯ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠦᠵᠡᠭᠦᠯᠵᠥ᠂ ︽ᠭᠤᠶᠤ︾ ᠰᠠᠶᠢᠬᠠᠨ ᠲᠠᠷᠬᠠᠨ ᠮᠤᠤᠮᠢᠩᠭᠠᠨ ᠤ ᠰᠥᠨᠢ ᠶᠢᠨ ᠦᠵᠡᠮᠵᠢ ᠶᠢᠨ ᠷᠢᠳᠢ ᠰᠢᠳᠢ ᠶᠢ ᠢᠯᠡᠷᠡᠭᠦᠯᠪᠡ᠃ ᠣᠳᠣᠬᠠᠨ ᠳᠤ ᠡᠯ᠎ᠡ ᠵᠠᠮ ᠤᠨ ᠬᠡᠰᠡᠭ ᠪᠣᠯᠤᠨ ᠦᠵᠡᠮᠵᠢ ᠶᠢᠨ ᠭᠠᠵᠠᠷ ᠤᠨ ᠠᠵᠢᠯᠲᠠᠳ ᠶᠠᠭ ᠰᠠᠶᠢᠬᠠᠨ ᠵᠠᠮ ᠢ ᠭᠡᠷᠡᠯᠲᠦᠭᠦᠯᠬᠦ ᠠᠵᠢᠯ ᠢ ᠶᠠᠭᠠᠷᠠᠯᠲᠠᠶ ᠬᠢᠵᠦ ᠪᠠᠶᠢᠨ᠎ᠠ᠃     ᠡᠨᠡ ᠵᠢᠯ ᠤᠨ ᠵᠡᠭᠡᠯᠢ ᠶᠢᠨ ᠦᠵᠡᠮᠵᠢ ᠶᠢᠨ ᠠᠭᠤᠷ ᠠᠮᠢᠰᠬᠤᠯ ᠨᠢ ︽ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ︾ ᠪᠠᠷ ᠶᠡᠷᠦᠩᠬᠡᠶ ᠰᠡᠳᠬᠢᠴᠡ ᠪᠣᠯᠭᠠᠨ᠂ ᠡᠯ᠎ᠡ ᠵᠦᠢᠯ ᠤᠨ ᠳ᠋ᠧᠩ ᠤᠨ ᠦᠵᠡᠭᠦᠯᠦᠯᠭᠡ᠂ ᠤᠯᠠᠨ ᠥᠩᠭᠡ  ᠶᠢᠨ ᠰᠣᠷᠭᠤᠭ ᠴᠡᠴᠡᠭ᠂ ᠭᠢᠯᠠᠯᠵᠠᠭᠰᠠᠨ ᠳ᠋ᠧᠩ ᠶᠢᠨ ᠭᠡᠷᠡᠯ ᠢᠶᠠᠷ ᠴᠢᠮᠡᠭᠯᠡᠵᠦ᠂ ᠪᠠᠲᠤᠬᠠᠭᠠᠯᠭ᠎ᠠ ᠪᠠᠯᠭᠠᠰᠤᠨ ᠤ ᠲᠣᠭᠤᠷᠢᠭ ᠢ ᠣᠨᠴᠠᠭᠠᠶ ᠡᠶ᠎ᠡ ᠨᠠᠶᠢᠷᠠᠮᠳᠠᠭᠤ᠂ ᠬᠠᠯᠠᠭᠤᠨ ᠳᠤᠯᠠᠭᠠᠨ ᠪᠠ ᠪᠠᠶᠠᠷ ᠪᠠᠶᠠᠰᠬᠤᠯᠠᠩ ᠲᠠᠢ᠂ ᠪᠠᠶᠠᠷ ᠤᠨ ᠡᠳᠦᠷ ᠤᠨ ᠠᠭᠤᠷ ᠠᠮᠢᠰᠬᠤᠯ  ᠢ  ᠭᠥᠨ ᠵᠤᠵᠠᠭᠠᠨ ᠪᠣᠶ ᠪᠣᠯᠭᠠᠪᠠ᠃      ᠪᠠᠯᠭᠠᠰᠤᠨ ᠤ ᠣᠷᠣᠨ ᠪᠦᠰᠡ ᠶᠢᠨ ᠭᠡᠷᠡᠯᠲᠦᠭᠦᠯᠭᠡ ᠶᠢᠨ ᠵᠢᠷᠤᠭ ᠲᠥᠯᠥᠪᠯᠡᠭᠡ ᠨᠢ ᠪᠣᠰᠤᠭ᠎ᠠ ᠴᠣᠭᠴᠠᠲᠤ ᠦᠵᠡᠮᠵᠢ ᠪᠠᠷ ︽ᠴᠡᠭ︾ ᠪᠣᠯᠭᠠᠵᠤ᠂ ᠵᠠᠮ ᠳᠠᠭᠠᠭᠰᠠᠨ ᠮᠣᠳᠣ ᠶᠢ ︽ᠱᠤᠭᠤᠮ︾ ᠪᠣᠯᠭᠠᠵᠤ᠂ ᠤᠷᠭᠤᠮᠠᠯ  ᠢ ︽ᠭᠠᠳᠠᠷᠭᠤ︾ ᠪᠣᠯᠭᠠᠵᠤ᠂ ᠦᠵᠡᠮᠵᠢ ᠶᠢᠨ ᠪᠦᠰᠡ ᠶᠢ ᠨᠠᠷᠢᠨ ᠨᠢᠮᠪᠠᠶ ᠪᠠᠶᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ︽ᠴᠡᠭ ᠱᠤᠭᠤᠮ ᠢ ᠵᠣᠯᠭᠠᠭᠤᠯᠬᠤ᠂ ᠪᠦᠯᠬᠦᠮ ᠪᠠᠶᠢᠭᠤᠯᠤᠨ ᠠᠪᠴᠠᠯᠳᠤᠭᠤᠯᠬᠤ᠂ ᠬᠡᠪ ᠨᠠᠮᠪᠠ ᠶᠢ ᠨᠢᠭᠡᠳᠬᠡᠬᠦ︾ ᠤᠨᠴᠠᠯᠢᠭᠳᠤ ᠦᠵᠡᠮᠵᠢ ᠶᠢᠨ ᠦᠷ᠎ᠡ ᠪᠦᠲᠦᠮᠵᠢ ᠶᠢ ᠢᠯᠡᠷᠡᠭᠦᠯᠪᠡ᠃      ᠰᠦᠨᠢ ᠶᠢᠨ ᠬᠦᠰᠢᠬᠡ ᠪᠠᠭᠤᠬᠤ ᠳᠤ᠂ ᠥᠩᠭᠡᠳᠥ ᠳ᠋ᠧᠩ ᠬᠤᠷᠸ᠎ᠠ ᠶᠢ ᠭᠡᠶᠢᠭᠦᠯᠥᠨ᠎ᠡ᠃  ᠬᠢᠯᠠᠯᠵᠠᠨ ᠭᠡᠷᠡᠯᠳᠦᠭᠰᠡᠨ ᠳ᠋ᠧᠩ ᠤᠨ ᠪᠦᠰᠡ᠂ ᠭᠡᠷᠡᠯ ᠰᠠᠴᠤᠷᠠᠭᠰᠠᠨ ᠠᠰᠠᠷ ᠤᠨ ᠴᠤᠭᠴᠠ᠂ ᠦᠡᠭᠭᠡ ᠭᠢᠯᠪᠠᠭ᠎ᠠ ᠰᠠᠴᠤᠷᠠᠭᠰᠠᠨ ᠦᠵᠡᠮᠵᠢ ᠶᠢᠨ ᠮᠣᠳᠣᠨ ᠤ ᠥᠩᠭᠡᠲᠦ ᠳ᠋ᠧᠩ  ᠵᠡᠭᠡᠯᠢ ᠭᠤᠳᠤᠮᠵᠢ ᠶᠢ ︽ᠭᠤᠶᠤ ᠰᠠᠶᠢᠬᠠᠨ︾ ᠪᠣᠯᠭᠠᠬᠤ ᠶᠢᠨ ᠬᠠᠮᠲᠤ ᠪᠠᠰᠠ ᠪᠠᠶᠠᠷ ᠤᠨ ᠡᠳᠦᠷ ᠤᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠭᠠᠵᠠᠷ ᠪᠣᠯᠭᠠᠨ ᠳᠤ ᠰᠢᠨ᠎ᠡ ᠵᠢᠯ ᠤᠨ ᠦᠨᠦᠷ ᠠᠮᠲᠠ ᠪᠠᠷ ᠪᠢᠯᠬᠠᠵᠤ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠴᠠᠭᠠᠨ ᠰᠠᠷ᠎ᠠ ᠳᠤ ᠬᠦᠷ ᠬᠥᠭᠵᠢᠶᠡᠨ ᠲᠠᠢ ᠦᠩᠭᠡ ᠪᠤᠳᠤᠭ ᠨᠡᠮᠡᠷᠢᠯᠡᠵᠦ᠂ ᠦᠵᠡᠰᠬᠦᠯᠡᠩᠲᠦ ᠰᠠᠶᠢᠬᠠᠨ ᠦᠵᠡᠮᠵᠢ ᠶᠢ ᠪᠦᠷᠢᠯᠳᠦᠭᠦᠯᠵᠡᠢ᠃      ᠪᠠᠲᠤᠬᠠᠭᠠᠯᠭ᠎ᠠ ᠪᠠᠯᠭᠠᠰᠤᠨ ᠤ ᠵᠡᠭᠡᠯᠢ ᠭᠤᠳᠤᠮᠵᠢ ᠪᠠᠷ ᠶᠠᠪᠤᠬᠤ ᠳᠤ᠂ ᠡᠯ᠎ᠡ ᠵᠦᠢᠯ ᠤᠨ ᠬᠡᠯᠪᠡᠷᠢ ᠳᠦᠷᠰᠦ ᠨᠢ ᠰᠢᠨ᠎ᠡ ᠰᠡᠪᠡᠭᠦᠨ ᠬᠤᠸᠠᠷ ᠤᠨ ᠳ᠋ᠧᠩ᠂ ᠥᠩᠭᠡ ᠪᠤᠳᠤᠭ ᠨᠢ ᠡᠯᠪᠡᠭ ᠳᠡᠯᠪᠡᠭ᠂  ᠭᠡᠷᠡᠯ ᠭᠢᠯᠪᠠᠭ᠎ᠠ ᠭᠢᠯᠠᠯᠵᠠᠵᠤ᠂ ᠳ᠋ᠧᠩ ᠤᠨ ᠭᠡᠷᠡᠯ ᠤᠨ ᠦᠵᠡᠮᠵᠢ ᠶᠢᠨ ᠵᠢᠷᠤᠭ ᠨᠢᠭᠡᠪᠦᠷᠢ ᠶᠢᠨ ᠭᠤᠤᠯ ᠰᠡᠳᠥᠪ ᠪᠠ ᠤᠳᠬ᠎ᠠ ᠠᠭᠤᠯᠭ᠎ᠠ ᠨᠢ ᠴᠥᠮ ᠥᠪᠡᠷᠮᠢᠴᠡ ᠣᠨᠴᠠᠯᠢᠭ ᠲᠠᠢ ᠪᠠᠶᠢᠵᠤ᠂ ᠪᠠᠯᠭᠠᠰᠤᠨ ᠤ ᠰᠥᠨᠢ ᠶᠢᠨ ᠦᠵᠡᠮᠵᠢ ᠶᠢ ᠨᠡᠩ ᠰᠠᠶᠢᠬᠠᠨ ᠪᠣᠯᠭᠠᠵᠠᠢ᠃ ᠣᠯᠠᠨ ᠲᠦᠮᠡᠨ ᠢ ᠳ᠋ᠧᠩᠯᠦ ᠶᠢᠨ ᠲᠠᠩᠭᠢᠰ ᠢᠶᠠᠷ ᠵᠤᠭᠠᠴᠠᠨ  ᠳᠣᠭᠤᠷᠢᠭᠤᠯᠵᠤ᠂ ᠪᠠᠶᠠᠷ ᠪᠠᠶᠠᠰᠬᠤᠯᠠᠩ ᠲᠠᠢ᠂ ᠡᠶ᠎ᠡ ᠵᠣᠬᠢᠴᠠᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ᠃    ᠭᠡᠷᠡᠯᠲᠦᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠵᠢᠯᠲᠠᠳ ᠴᠠᠰᠤ ᠰᠢᠭᠤᠷᠭ᠎ᠠ ᠠᠴᠠ ᠠᠶᠤᠬᠤ ᠥᠬᠡᠶ᠂ ᠴᠠᠭ ᠨᠡᠮᠡᠵᠦ ᠠᠵᠢᠯᠯᠠᠨ᠂ ᠳ᠋ᠧᠩ ᠡᠯᠭᠦᠵᠥ᠂ ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠰᠠ ᠬᠠᠷᠢᠶᠠᠲᠤ ᠣᠷᠣᠨ ᠤ ᠳᠣᠲᠣᠷᠠᠬᠢ ᠪᠣᠶ ᠪᠥᠬᠦᠶ ᠵᠠᠮ ᠤᠨ ᠳ᠋ᠧᠩ ᠵᠢᠴᠢ ᠭᠡᠷᠡᠯᠲᠦᠭᠦᠯᠬᠦ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ ᠵᠠᠰᠠᠵᠤ᠂ ᠭᠡᠷᠡᠯᠲᠦᠭᠦᠯᠬᠦ ᠢᠨᠵᠧᠨᠧᠷᠢᠩ ᠢ ᠴᠠᠭ ᠲᠤᠬᠠᠶ ᠳᠤᠨᠢ ᠳ᠋ᠧᠩ ᠲᠠᠢ ᠪᠣᠯᠭᠠᠬᠤ ᠶᠢ ᠪᠠᠲᠤᠯᠠᠵᠤ᠂ ᠰᠠᠭᠤᠭᠠᠯᠢ ᠠᠷᠠᠳ ᠠᠮᠤᠷ ᠲᠦᠪᠰᠢᠨ ᠢᠶᠠᠷ ᠳ᠋ᠧᠩ ᠦᠵᠡᠵᠦ᠂ ᠳᠤᠮᠳᠠᠳᠤ ᠤᠯᠤᠰ ᠤᠨ  ᠴᠠᠭᠠᠨ ᠰᠠᠷ᠎ᠠ ᠶᠢ ᠬᠠᠮᠲᠤ ᠪᠠᠷ ᠪᠠᠶᠠᠷ ᠬᠥᠷ ᠲᠠᠢ ᠥᠩᠭᠡᠷᠡᠭᠦᠯᠬᠦ ᠶᠢ ᠪᠠᠲᠤᠯᠠᠬᠤ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号