ᠵᠢᠶᠠ ᠪᠦᠦ ᠯᠢᠶᠠᠩ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/21
      1 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠰᠢᠪᠠᠷᠭᠦ᠋ᠷᠢᠶ᠎ᠡ ᠪᠦᠯᠦᠭᠯᠡᠯ ᠤᠨ ᠬᠤᠸᠠᠷ ᠫᠤᠤᠵᠢᠩ ᠪᠣᠷᠣᠯᠠᠭᠤᠯᠬᠤ ᠬᠤᠪᠢᠶᠠᠷᠢ ᠺᠣᠮᠫᠠᠨᠢ᠂ ᠰᠢᠤᠳᠠᠨ ᠤ ᠶᠠᠪᠤᠳᠠᠯ ᠤᠨ ᠳᠠᠷᠬᠠᠨ ᠮᠤᠤᠮᠢᠩᠭᠠᠨ ᠤ ᠬᠤᠪᠢᠶᠠᠷᠢ ᠺᠣᠮᠫᠠᠨᠢ᠂ ᠪᠠᠶ ᠹᠦ᠋ ᠰᠢᠨ ᠲᠢᠶᠠᠨ ᠳ᠋ᠢ ᠬᠤᠳᠠᠯᠳᠤᠭᠠᠨ ᠤ ᠠᠰᠠᠷ ᠵᠡᠷᠭᠡ ᠭᠠᠵᠠᠷ ᠲᠤ ᠭᠦᠨᠵᠡᠭᠡᠶᠢᠷᠡᠵᠦ᠂ ᠴᠠᠭᠠᠨ ᠰᠠᠷ᠎ᠠ ᠶᠢᠨ ᠠᠶᠤᠯᠭᠦᠶ  ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠃  ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠪᠠᠨ ᠦᠨᠡᠨ ᠬᠦ ᠪᠠᠲᠤ ᠡᠭᠦᠷᠭᠡᠯᠡᠵᠦ᠂ ᠭᠡᠮ ᠰᠣᠭᠤᠭ ᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠴᠢᠩᠭᠠᠳᠬᠠᠵᠤ᠂ ᠤᠯᠠᠨ ᠲᠦᠮᠡᠨ ᠤ ᠠᠮᠤᠷ ᠲᠦᠪᠰᠢᠨ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠰᠠᠭᠤᠷᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠲᠤ ᠬᠦᠷᠴᠦ᠂ ᠵᠠᠩᠭᠢᠯᠠᠭ᠎ᠠ ᠶᠢᠨ ᠠᠶᠤᠯ ᠲᠦᠭᠰᠢᠭᠦᠷᠢ ᠶᠢᠨ ᠴᠡᠭ ᠪᠠᠶᠢᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠠᠵᠤ ᠠᠬᠤᠶᠢᠯᠠᠯ ᠤᠨ ᠪᠠᠶᠠᠷ ᠤᠨ ᠡᠳᠦᠷ ᠤᠨ ᠦᠢᠯᠡᠳᠪᠦᠷᠢᠯᠡᠯ ᠡᠵᠡᠩᠨᠡᠯᠲᠡ᠂ ᠪᠡᠯᠡᠳᠬᠡᠮᠵᠢ ᠲᠥᠬᠦᠭᠡᠷᠦᠮᠵᠢ ᠶᠢᠨ ᠬᠠᠮᠠᠭᠠᠯᠠᠯᠲᠠ᠂ ᠠᠵᠢᠯᠲᠠᠨ ᠤ ᠵᠢᠵᠢᠭᠦᠷᠯᠡᠨ ᠰᠠᠬᠢᠬᠤ ᠵᠡᠷᠭᠡ ᠠᠵᠢᠯ ᠤᠨ ᠲᠣᠬᠢᠷᠠᠭᠤᠯᠤᠯᠲᠠ ᠶᠢ ᠯᠠᠪᠯᠠᠨ ᠠᠰᠠᠭᠤᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠥᠴᠦᠬᠡᠨ ᠴᠦ  ᠬᠠᠰᠢ ᠶᠠᠰᠢ  ᠪᠠᠷ ᠬᠠᠨᠳᠤᠵᠤ ᠪᠣᠯᠬᠤ ᠦᠭᠡᠢ᠂ ᠴᠠᠭ ᠢᠮᠠᠭᠲᠠ ᠦᠵᠡᠯ ᠰᠠᠨᠠᠭᠠᠨ ᠤ ᠬᠥᠪᠴᠢ ᠪᠠᠨ ᠴᠢᠩᠭᠠᠯᠠᠵᠤ᠂ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨᠬᠦ ᠴᠢᠩᠭᠠᠯᠠᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢᠶᠠᠷ ᠠᠷᠠᠳ ᠤᠯᠠᠨ ᠤ ᠵᠣᠯ ᠵᠢᠷᠭᠠᠯᠲᠤ ᠪᠠᠶᠠᠷ ᠤᠨ ᠡᠳᠦᠷ ᠢ ᠥᠩᠭᠡᠷᠡᠭᠦᠯᠬᠦ ᠶᠢ ᠬᠠᠮᠠᠭᠠᠯᠠᠬᠤ ᠬᠡᠷᠡᠭᠲᠡᠢ ᠃      ᠰᠢᠪᠠᠷᠭᠦ᠋ᠷᠢᠶ᠎ᠡ ᠪᠦᠯᠦᠭᠯᠡᠯ ᠤᠨ ᠬᠤᠸᠠᠷ ᠫᠤᠤᠵᠢᠩ ᠪᠣᠷᠣᠯᠠᠭᠤᠯᠬᠤ ᠬᠤᠪᠢᠶᠠᠷᠢ ᠺᠣᠮᠫᠠᠨᠢ ᠳᠤ᠂ ᠵᠢᠶᠠ ᠪᠦᠦ ᠯᠢᠶᠠᠩ ᠬᠤᠸᠠᠷ ᠫᠤᠤᠵᠢᠩ ᠬᠠᠳᠠᠭᠠᠯᠠᠬᠤ᠂ ᠭᠠᠯ ᠤᠨᠲᠠᠷᠠᠭᠠᠬᠤ ᠲᠥᠬᠦᠭᠡᠷᠦᠮᠵᠢ᠂ ᠪᠠᠭᠠᠵᠢ ᠬᠡᠷᠡᠭᠰᠡᠯ ᠪᠦᠷᠢᠨ ᠬᠦᠢᠴᠡᠳ ᠪᠦᠲᠦᠮᠵᠢᠲᠡᠢ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠵᠢᠯ ᠡᠷᠭᠢᠯᠡᠭᠰᠡᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠸᠠᠷ ᠫᠤᠤᠵᠢᠩ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠶᠢ ᠵᠦᠷᠢᠴᠡᠭᠰᠡᠨ ᠪᠠᠷᠠᠭ᠎ᠠ ᠣᠷᠣᠭᠤᠯᠬᠤ ᠦᠭᠡᠢ᠂ ᠬᠠᠤᠯᠢ ᠶᠢ ᠵᠦᠷᠢᠴᠡᠭᠰᠡᠨ ᠪᠣᠳᠠᠰ ᠬᠤᠳᠠᠯᠳᠤᠬᠤ ᠦᠭᠡᠢ ᠪᠠᠶᠢᠵᠤ᠂ ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠃     ᠰᠢᠤᠳᠠᠨ ᠤ ᠶᠠᠪᠤᠳᠠᠯ ᠤᠨ ᠲᠠᠷᠬᠠᠨ ᠮᠤᠤᠮᠢᠩᠭᠠᠨ ᠤ ᠬᠤᠪᠢᠶᠠᠷᠢ ᠺᠣᠮᠫᠠᠨᠢ ᠳᠤ᠂ ᠵᠢᠶᠠ ᠪᠦᠦ ᠯᠢᠶᠠᠩ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ᠂ ᠲᠦᠷᠭᠡᠨ ᠬᠦᠷᠭᠡᠯᠲᠡ ᠶᠢᠨ ᠦᠢᠯᠡᠴᠢᠯᠡᠭᠡ᠂ ᠲᠣᠣᠷ ᠴᠡᠭ ᠤᠨ ᠲᠠᠷᠬᠠᠯᠲᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠦᠷᠭᠡᠨ ᠬᠦᠷᠭᠡᠯᠲᠡ ᠶᠢᠨ  ᠡᠯᠧᠺᠲᠷᠣᠨ ᠬᠤᠳᠠᠯᠳᠤᠭᠠᠨ ᠤ ᠬᠠᠮᠵᠢᠯᠴᠠᠨ ᠬᠥᠭᠵᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠰᠢᠤᠳᠠᠨ ᠤ ᠲᠦᠷᠭᠡᠨ ᠬᠦᠷᠭᠡᠯᠳᠡ ᠶᠢᠨ ᠦᠢᠯᠡᠰ ᠪᠣᠯ ᠠᠷᠠᠳ ᠤᠨ ᠠᠮᠢᠳᠤᠷᠠᠯ ᠳᠤ ᠦᠢᠯᠡᠴᠢᠯᠡᠬᠦ ᠰᠠᠭᠤᠷᠢ ᠴᠢᠨᠠᠷᠲᠠᠢ ᠠᠵᠤ ᠦᠢᠯᠡᠰ ᠮᠥᠨ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠰᠢᠭᠤᠳ ᠬᠤᠯᠪᠣᠭᠳᠠᠵᠤ ᠪᠠᠶᠢᠳᠠᠭ᠂ ᠠᠵᠢᠯ ᠲᠦᠷᠦᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠴᠢᠷᠮᠠᠶᠢᠵᠤ᠂ ᠠᠷᠠᠳ ᠤᠯᠠᠨ ᠤ ᠰᠢᠦᠳᠠᠨ ᠢ ᠭᠡᠷᠡᠭᠯᠡᠬᠦ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠃ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ᠂ ᠪᠠᠷᠠᠭᠠᠨ ᠤ ᠭᠦᠢᠯᠭᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠬᠠᠨ ᠮᠤᠤᠮᠢᠩᠭᠠᠨ ᠤ ᠦᠢᠯᠡᠳᠬᠦᠨ ᠢ ᠲᠦᠷᠪᠡᠨ ᠳᠠᠯᠠᠢ ᠲᠠᠪᠤᠨ ᠨᠠᠭᠤᠷ ᠲᠤ  ᠨᠡᠪᠳᠡᠷᠡᠬᠦᠯᠵᠦ᠂ ᠰᠠᠶᠢᠨ ᠦᠨ᠎ᠡ ᠪᠠᠷ ᠬᠤᠳᠠᠯᠳᠤᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠪᠠᠭᠤᠯᠢᠭ ᠲᠠᠷᠢᠶᠠᠯᠠᠩ  ᠤᠨ ᠬᠤᠯᠢᠰᠢᠨ ᠢᠳᠡᠭᠡᠨ ᠢ ᠨᠠᠷᠢᠯᠢᠭ ᠭᠦᠨᠵᠡᠭᠡᠢ ᠡᠳ᠋ᠰᠢᠭᠦᠯᠬᠦ ᠬᠦᠷᠢᠶᠡᠨ ᠤ ᠲᠦᠭᠵᠢᠷᠡᠯ᠂ ᠬᠤᠷᠢᠭ᠎ᠠ ᠴᠡᠭ ᠤᠨ ᠠᠰᠠᠭᠤᠳᠠᠯ ᠢ ᠤᠨᠢᠨ ᠳᠡᠭᠡᠷ᠎ᠡ ᠨᠢ ᠨᠡᠪᠲᠡᠷᠡᠭᠦᠯᠵᠦ᠂ ᠠᠵᠤ ᠠᠬᠤᠶᠢᠯᠠᠯ ᠤᠨ ᠥᠪᠡᠷ ᠤᠨ ᠦᠷᠳᠡᠭ ᠢᠶᠠᠨ ᠪᠠᠭᠤᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠲᠦᠷᠭᠡᠨ ᠬᠦᠷᠭᠡᠯᠲᠡ ᠶᠢᠨ ᠦᠢᠯᠡᠰ ᠪᠣᠯᠤᠨ ᠤᠳᠤ ᠦᠶ᠎ᠡ ᠶᠢᠨ ᠲᠠᠷᠢᠶᠠᠯᠠᠩ᠂ ᠲᠦᠷᠭᠡᠨ ᠬᠦᠷᠭᠡᠯᠲᠡ ᠶᠢᠨ ᠦᠢᠯᠡᠰ ᠪᠣᠯᠤᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃       ᠪᠠᠢ ᠹᠦ᠋ ᠰᠢᠨ ᠲᠢᠶᠠᠨ ᠳ᠋ᠢ ᠬᠤᠳᠠᠯᠳᠤᠭᠠᠨ ᠤ ᠠᠰᠠᠷ ᠲᠤ᠂ ᠵᠢᠶᠠ ᠪᠦᠦ ᠯᠢᠶᠠᠩ ᠵᠠᠬ᠎ᠠ ᠳᠡᠯᠭᠡᠭᠦᠷ ᠲᠤ ᠣᠷᠣᠵᠤ᠂ ᠶᠠᠪᠤᠬᠤ ᠶᠢᠨ ᠳᠠᠭᠠᠤ  ᠦᠵᠡᠨ ᠠᠰᠠᠭᠤᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠦᠷᠦᠯ ᠵᠦᠢᠯ ᠢ ᠪᠠᠶᠢᠴᠠᠭᠠᠨ ᠦᠵᠡᠵᠦ᠂ ᠨᠣᠭᠤᠭ᠎ᠠ ᠶᠢᠨ ᠦᠨ᠎ᠡ ᠬᠠᠩᠰᠢ ᠶᠢᠨ ᠬᠤᠪᠢᠷᠠᠯᠲᠠ ᠶᠢ ᠣᠶᠢᠯᠠᠭᠠᠵᠤ᠂ ᠲᠠᠸᠠᠷ ᠤᠨ ᠢᠷᠡᠯᠲᠡ ᠶᠢᠨ ᠪᠠᠶᠢᠳᠠᠯ ᠢ ᠯᠠᠪᠯᠠᠨ ᠠᠰᠠᠭᠤᠪᠠ᠃ ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ︽ᠠᠮᠤ ᠪᠤᠳᠠᠭ᠎ᠠ︾ ︽ᠢᠳᠡᠰᠢᠨ ᠨᠤᠭᠤᠭ᠎ᠠ︾ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠨ᠎ᠠ᠂ ᠡᠯ᠎ᠡ ᠰᠠᠯᠠᠭ᠎ᠠ ᠮᠥᠴᠢᠷ  ᠪᠠᠶᠢᠭᠤᠯᠭ᠎ᠠ ᠨᠢᠭᠡᠴᠡ ᠶᠢᠨ ᠬᠢᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠠᠵᠢᠯᠯᠠᠭᠠᠨ ᠢ ᠨᠠᠷᠢᠨ ᠠᠩᠬᠠᠷᠴᠤ᠂ ᠪᠠᠷᠠᠭᠠᠨ ᠤ ᠢᠷᠡᠯᠳᠡ ᠶᠢ ᠵᠣᠬᠢᠶᠠᠨ ᠪᠠᠶᠢᠭᠤᠯᠬᠤ᠂ ᠲᠡᠭᠡᠭᠡᠪᠦᠷᠢ ᠶᠢ ᠲᠤᠬᠢᠷᠠᠭᠤᠯᠬᠤ ᠪᠠ ᠦᠨ᠎ᠡ ᠬᠠᠩᠰᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠲᠤᠭ᠎ᠠ ᠬᠡᠮᠵᠢᠶ᠎ᠡ ᠭᠦᠢᠴᠡᠳ᠂ ᠲᠦᠷᠦᠯ ᠵᠦᠢᠯ ᠤᠯᠠᠨ᠂ ᠶᠠᠰᠤ ᠴᠢᠨᠠᠷ ᠰᠠᠶᠢᠨ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠵᠤ ᠂ ᠠᠷᠠᠳ ᠤᠯᠠᠨ ᠤ ᠪᠠᠶᠠᠷ ᠤᠨ ᠡᠳᠦᠷ ᠤᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠢᠳᠡᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠬᠤ ᠬᠡᠷᠡᠭᠲᠡᠶ᠃      ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ᠂ ᠵᠣᠣ ᠯᠢᠶᠠᠩ᠂ ᠰᠦᠨ ᠿᠢ ᠴᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠤᠭᠤᠳ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号