1 ᠰᠠᠷ᠎ᠠ ᠶᠢᠨ 21 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠠᠭᠠᠨ ᠰᠠᠷ᠎ᠠ ᠶᠢ | ᠤᠭᠲᠤᠬᠤ ᠠᠬᠠᠮᠠᠳ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠬᠠᠮᠠᠳ ᠺᠠᠳ᠋ᠷᠴᠤᠳ ᠲᠠᠢ | ᠬᠠᠮᠲᠤ ᠪᠠᠷ ᠴᠠᠭᠠᠨ ᠰᠠᠷ᠎ᠠ ᠶᠢ ᠤᠭᠲᠤᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠢᠷᠡᠭᠡᠳᠦᠢ ᠶᠢ | ᠬᠠᠮᠲᠤ ᠪᠠᠷ ᠶᠠᠷᠢᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠪᠥᠬᠦ ᠬᠤᠰᠢᠭᠤᠨ ᠤ 2024 ᠣᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ | ᠪᠠᠶᠢᠳᠠᠯ ᠪᠠ 2025 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠵᠠᠷᠯᠠᠨ ᠮᠡᠳᠡᠭᠳᠡᠪᠡ᠃ | ᠬᠤᠷᠠᠯ ᠳᠤ ᠣᠷᠣᠯᠴᠠᠭᠰᠠᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ | ᠺᠠᠳ᠋ᠷᠴᠤᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠩᠭᠡᠷᠡᠭᠰᠡᠨ ᠨᠢᠭᠡ ᠵᠢᠯ ᠤᠨ ᠣᠯᠤᠭᠰᠠᠨ | ᠠᠮᠵᠢᠯᠲᠠ ᠶᠢ ᠨᠤᠲᠠᠯᠠᠬᠤ ᠶᠢᠨ ᠬᠠᠮᠲᠤ ᠠᠵᠤ ᠠᠬᠤᠢ᠂ ᠠᠷᠠᠳ ᠤᠨ ᠠᠮᠢᠳᠤᠷᠠᠯ᠂ ᠰᠣᠶᠣᠯ ᠵᠢᠭᠤᠯᠴᠢᠯᠠᠯ ᠵᠡᠷᠭᠡ | ᠲᠠᠯ᠎ᠠ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠠᠢ᠃ | ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠵᠢᠶᠠ ᠪᠦᠦ ᠯᠢᠶᠠᠩ ᠬᠤᠰᠢᠭᠤᠨ ᠤ | ᠳᠥᠷᠪᠡᠨ ᠤᠳᠤᠷᠢᠳᠬᠤ ᠪᠠᠭ ᠢ ᠲᠥᠯᠥᠭᠡᠯᠡᠨ ᠠᠬᠠᠮᠠᠳ ᠺᠠᠳ᠋ᠷᠴᠤᠳ ᠤᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠬᠥᠭᠵᠢᠯᠲᠡ ᠳᠤ ᠦᠵᠡᠭᠦᠯᠦᠭᠰᠡᠨ ᠯᠤᠲᠤ ᠶᠡᠭᠡ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ | ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠲᠡᠳᠡᠨ ᠢᠶᠠᠷ ᠳᠠᠮᠵᠢᠨ ᠪᠥᠬᠦ ᠬᠤᠰᠢᠭᠤᠨ ᠤ | ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠥᠬᠦᠳ ᠲᠤ | ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠵᠢᠶᠠ ᠪᠦᠦ ᠯᠢᠶᠠᠩ ᠵᠢᠭᠠᠵᠤ ᠭᠠᠷᠭᠠᠭᠰᠠᠨ ᠨᠢ᠂ ᠠᠬᠠᠮᠠᠳ ᠺᠠᠳ᠋ᠷ ᠪᠣᠯ | ᠨᠠᠮ ᠪᠠ ᠤᠯᠤᠰ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠴᠢᠬᠤᠯᠠ ᠤᠯᠤᠰ ᠲᠥᠷᠥ ᠶᠢᠨ ᠬᠦᠴᠦᠨ ᠮᠥᠨ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠬᠠᠭᠠᠰ ᠵᠠᠭᠤᠨ ᠤ ᠬᠥᠭᠵᠢᠯᠲᠡ ᠶᠢᠨ ᠭᠡᠷᠡᠴᠢᠯᠡᠭᠴᠢ ᠪᠠ ᠭᠠᠪᠢᠶᠠᠲᠠᠨ ᠮᠥᠨ᠂ ᠥᠪᠡᠷ ᠥᠪᠡᠷ ᠤᠨ | ᠠᠵᠢᠯ ᠤᠨ ᠪᠠᠶᠢᠷᠢ ᠳᠡᠭᠡᠷ᠎ᠡ ᠪᠠᠨ ᠣᠶᠤᠨ ᠤᠬᠠᠭᠠᠨ ᠢᠶᠠᠨ ᠰᠢᠪᠬᠠᠵᠤ᠂ ᠲᠡᠰᠪᠦᠷᠢ ᠬᠠᠲᠠᠭᠤᠵᠢᠯᠲᠠᠶ ᠲᠡᠮᠡᠴᠡᠵᠦ᠂ | ᠳᠠᠷᠬᠠᠨ ᠮᠤᠤᠮᠢᠩᠭᠠᠨ ᠤ ᠴᠡᠴᠡᠭᠯᠡᠨ ᠬᠥᠭᠵᠢᠬᠦ ᠳᠤ ᠭᠠᠪᠢᠶ᠎ᠠ ᠵᠢᠳᠭᠦᠯ ᠭᠠᠷᠭᠠᠵᠤ᠂᠂ ᠭᠡᠷᠡᠯ ᠰᠠᠴᠤᠷᠠᠩᠭᠤᠶ | ᠠᠮᠵᠢᠯᠲᠠ ᠪᠦᠲᠦᠮᠵᠢ ᠤᠯᠵᠤ᠂ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠪᠥᠬᠦ ᠬᠤᠰᠢᠭᠤᠨ ᠤ | ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠠᠬᠠᠮᠠᠳ ᠺᠠᠳ᠋ᠷᠴᠤᠳ ᠤᠨ ᠠᠵᠢᠯ ᠤᠨ | ᠲᠤᠬᠠᠶ ᠴᠢᠬᠤᠯᠠ ᠥᠭᠦᠯᠡᠯᠲᠡ ᠶᠢ ᠦᠨᠳᠦᠰᠦᠨ ᠵᠢᠷᠤᠮᠯᠠᠯ ᠪᠣᠯᠭᠠᠵᠤ᠂ ᠬᠠᠶᠢᠷ᠎ᠠ ᠰᠡᠳᠬᠢᠯᠭᠡ ᠪᠠ | ᠬᠠᠷᠢᠭᠤᠴᠠᠯᠭ᠎ᠠ ᠲᠠᠢ ᠪᠠᠷ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠵᠦ᠂ ᠨᠠᠷᠢᠨ | ᠨᠢᠮᠪᠠᠶ ᠨᠠᠷᠢᠯᠢᠭ ᠣᠨᠣᠴᠠᠲᠠᠶ ᠪᠠᠷ ᠦᠢᠯᠡᠴᠢᠯᠡᠭᠡ ᠬᠢᠵᠦ᠂ ᠥᠷᠭᠡᠨ ᠣᠯᠠᠨ ᠠᠬᠠᠮᠠᠳ ᠺᠠᠳ᠋ᠷᠴᠤᠳ ᠢ ᠬᠥᠲᠥᠯᠦᠨ | ᠵᠢᠯᠣᠭᠤᠳᠴᠤ ᠪᠠᠶᠢᠭᠠᠳ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ | ᠥᠩᠭᠡᠷᠡᠭᠰᠡᠨ ᠲᠠᠢ ᠪᠠᠨ ᠠᠳᠠᠯᠢ ᠪᠠᠷ ᠬᠥᠴᠥᠨ ᠴᠢᠳᠠᠪᠤᠷᠢ ᠪᠠᠨ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ | ᠃ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠤᠨ ᠳᠤᠮᠳᠠ᠂ | ᠢᠯᠠᠩᠭᠤᠶ᠎ᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ | ᠲᠣᠭᠲᠠᠭᠠᠬᠤ ᠳᠠᠭᠠᠨ᠂ ᠠᠬᠠᠮᠠᠳ ᠺᠠᠳ᠋ᠷ᠂ ᠠᠬᠠᠮᠠᠳ ᠨᠥᠬᠦᠳ ᠤᠨ ᠦᠵᠡᠵᠦ ᠮᠡᠳᠡᠭᠦ ᠨᠢ ᠤᠯᠠᠨ᠂ ᠲᠤᠷᠰᠢᠯᠭ᠎ᠠ | ᠡᠯᠪᠡᠭ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠳᠣᠬᠠᠨ ᠤ ᠪᠥᠬᠦ ᠬᠤᠰᠢᠭᠤᠨ ᠤ | ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠳᠤ ᠴᠢᠭᠯᠡᠭᠦᠯᠦᠨ᠂ | ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ | ᠥᠩᠭᠡᠷᠡᠯᠲᠡ ᠪᠠ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨ᠎ᠡ ᠥᠷᠲᠡᠭ ᠲᠠᠢ | ᠰᠡᠳᠬᠢᠴᠡ᠂ ᠰᠠᠨᠠᠭᠤᠯᠭ᠎ᠠ ᠳᠤᠷᠠᠳᠬᠤ ᠬᠡᠷᠡᠭᠲᠡᠶ᠃ ᠪᠥᠬᠦ ᠬᠤᠰᠢᠭᠤᠨ ᠤ ᠭᠤᠤᠯ ᠠᠵᠢᠯ᠂ ᠭᠤᠤᠯᠳᠠᠯᠭ᠎ᠠ ᠲᠠᠢ | ᠠᠵᠢᠯ ᠲᠠᠢ ᠨᠢᠭᠲᠠ ᠤᠶᠠᠯᠳᠤᠭᠤᠯᠤᠨ᠂ ᠠᠬᠠᠮᠠᠳ ᠺᠠᠳ᠋ᠷ᠂ ᠠᠬᠠᠮᠠᠳ ᠨᠥᠬᠦᠳ ᠤᠨ ᠥᠩᠭᠡᠷᠡᠯᠲᠡ᠂ ᠬᠥᠮᠦᠨ ᠤ | ᠬᠠᠷᠢᠴᠠᠭᠠᠨ ᠤ ᠡᠬᠢ ᠪᠠᠶᠠᠯᠢᠭ ᠡᠯᠪᠡᠭ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠶ ᠪᠠᠷ | ᠬᠥᠭᠦᠷᠭᠡ ᠬᠤᠯᠪᠣᠭᠠᠰᠤ ᠪᠣᠯᠵᠣ᠂ ᠠᠷᠢᠯᠵᠢᠶᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠭᠦ ᠶᠢ ᠬᠥᠮᠦᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠤᠨ ᠠᠷᠢᠭᠤᠨ ᠴᠡᠪᠡᠷ ᠴᠢᠨᠠᠷ ᠢ | ᠢᠮᠠᠭᠲᠠ ᠤᠬᠠᠮᠰᠠᠷ ᠠᠴᠠ ᠪᠠᠨ ᠪᠠᠲᠤᠯᠠᠨ ᠬᠥᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ︽ᠪᠤᠤᠬᠢᠶ᠎ᠠ︾ ᠶᠢ | ᠰᠠᠶᠢᠲᠤᠷ ᠤᠯᠠᠮᠵᠢᠯᠠᠵᠤ᠂ ᠰᠠᠨᠠᠭᠠᠴᠢᠯᠠᠭ᠎ᠠ ᠠᠴᠠ ᠪᠠᠨ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠠᠯᠠᠭᠤ | ᠺᠠᠳ᠋ᠷᠴᠤᠳ ᠢ ᠵᠢᠭᠠᠨ ᠰᠤᠷᠭᠠᠵᠤ᠂ ᠵᠠᠯᠠᠭᠤ ᠺᠠᠳ᠋ᠷᠴᠤᠳ ᠢ ᠦᠨᠡᠨ ᠬᠦ ᠡᠭᠦᠷᠭᠡ ᠬᠠᠷᠢᠭᠤᠴᠠᠯᠭ᠎ᠠ ᠪᠠᠨ ᠥᠪᠡᠷ ᠢᠶᠠᠨ | ᠡᠭᠦᠷᠴᠥ᠂ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ | | | |