1 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠠᠷᠪᠠᠨ | ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 160 ᠳ᠋ᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠳᠣᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠳᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ | ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠲᠢᠩᠷᠢ ᠰᠢᠶᠠᠨ ᠤ 6.8 ᠲᠡᠰ ᠤᠨ ᠭᠠᠵᠠᠷ | ᠬᠥᠳᠡᠯᠦᠯᠲᠡ᠂ ᠬᠢᠨᠠᠨ ᠪᠤᠳᠤᠬᠤ ᠠᠵᠢᠯ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ | ᠶᠢᠰᠦᠳᠦᠭᠡᠷ ᠤᠳᠠᠭᠠᠨ ᠤ ᠪᠥᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠤᠨ | ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤᠴᠤᠳ ᠤᠨ ᠤᠷᠠᠯᠢᠭ ᠤᠨ ᠠᠵᠢᠯᠲᠠᠨ ᠤ ᠬᠠᠷᠢᠭᠤ ᠵᠠᠬᠢᠳᠠᠯ ᠤᠨ | ᠳᠤᠮᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠤᠤᠯᠳᠠᠯᠭ᠎ᠠ ᠲᠠᠢ ᠤᠯᠠᠮᠵᠢᠯᠠᠨ ᠰᠤᠷᠤᠯᠴᠠᠪᠠ᠃ ᠵᠢᠶᠠ | ᠪᠦᠦ ᠯᠢᠶᠠᠩ ᠴᠢᠬᠤᠯᠠᠴᠢᠯᠠᠭᠰᠠᠨ ᠨᠢ ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ | ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ | ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ | ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠶᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ | ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠰᠣᠶᠣᠯ ᠤᠨ ᠦᠢᠯᠡᠰ ᠤᠨ ᠬᠥᠭᠵᠢᠯᠲᠡ ᠶᠢᠨ ᠴᠢᠬᠤᠯᠠ | ᠴᠢᠨᠠᠷ ᠢ ᠭᠦᠨᠵᠡᠭᠡᠢ ᠲᠠᠨᠢᠵᠤ᠂ ᠰᠣᠶᠣᠯ ᠤᠨ ᠦᠢᠯᠡᠰ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠰᠣᠶᠣᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠬᠦ ᠪᠠᠷ ᠭᠤᠣᠯ ᠪᠣᠯᠭᠠᠬᠤ᠂ | ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠢᠳᠡᠨ ᠠᠭᠤᠷ ᠠᠮᠢᠰᠬᠤᠯ᠂ ᠭᠠᠵᠠᠷ | ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠪᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠨᠡᠶᠢᠭᠡᠮ ᠤᠨ | ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠶᠡᠷᠦᠩᠬᠡᠶᠢᠯᠡᠭᠰᠡᠨ ᠰᠡᠷᠭᠡᠶᠢᠯᠡᠬᠦ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ | ᠬᠢᠵᠦ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ | ᠯᠠᠪᠳᠠᠭᠤᠨ ᠢᠶᠠᠷ ᠠᠬᠢᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢ ᠰᠢᠰᠲ᠋ᠧᠮ ᠲᠠᠢ ᠠᠬᠢᠭᠤᠯᠵᠤ᠂ | ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢ ᠵᠣᠬᠢᠴᠠᠭᠤᠯᠤᠨ ᠠᠬᠢᠭᠤᠯᠬᠤ ᠶᠢ | ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠡᠯ᠎ᠡ ᠱᠠᠲᠤᠨ ᠤ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠰᠤᠷᠤᠯᠴᠠᠬᠤ ᠬᠠᠯᠠᠭᠤᠨ | ᠥᠷᠨᠢᠯᠲᠡ ᠭᠠᠷᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠥᠬᠦ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ᠃ | ᠬᠤᠶᠠᠷ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠡᠭᠦᠷᠭᠡ ᠶᠢ ᠪᠣᠳᠠᠲᠠᠢ ᠠᠵᠢᠯ ᠲᠠᠢ ᠨᠢᠭᠲᠠ | ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠬᠥᠪᠴᠢᠯᠡᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠪᠥᠬᠦ | ᠬᠤᠰᠢᠭᠤᠨ ᠤ ᠳᠡᠭᠡᠳᠦ ᠳᠣᠤᠷᠠᠳᠤ ᠱᠠᠲᠤ ᠶᠢ ᠪᠦᠯᠬᠦᠮᠳᠡᠭᠦᠯᠦᠨ ᠳᠠᠶᠢᠴᠢᠯᠠᠵᠤ ᠪᠠᠶᠢᠭᠠᠳ ︽ᠪᠣᠳᠠᠲᠠᠶ︾ ᠪᠠᠷ | ᠳᠣᠯᠣᠭᠠᠶᠢᠯᠠᠵᠤ᠂ ︽ᠠᠵᠢᠯᠯᠠᠬᠤ︾ ᠶᠢ ᠲᠡᠷᠢᠭᠦᠨ ᠳᠤ ᠲᠠᠯᠪᠢᠵᠤ᠂ ᠪᠥᠬᠦ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ | ᠬᠤᠷᠠᠯ ᠠᠴᠠ ᠪᠤᠭᠤᠲᠤ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ 2025 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠲᠤᠬᠠᠢ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ | ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠨ ᠤ ᠰᠣᠭᠲᠣᠭᠤ ᠪᠠᠷ ᠲᠡᠷᠭᠡ ᠵᠢᠯᠣᠭᠤᠳᠬᠤ ᠪᠠ ᠵᠣᠭᠤᠰ | ᠨᠠᠭᠠᠳᠬᠤ ᠵᠡᠷᠭᠡ ᠠᠰᠠᠭᠤᠳᠠᠯ ᠢ ᠲᠤᠰᠬᠠᠶ ᠵᠠᠰᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶ ᠥᠷᠨᠢᠭᠦᠯᠬᠦ ᠲᠤᠬᠠᠶ | ᠲᠥᠰᠦᠯ︾ ᠢ ᠰᠤᠳᠤᠯᠤᠨ ᠬᠢᠨᠠᠨ ᠵᠥᠪᠯᠡᠪᠡ᠃ ᠠᠷᠢᠭᠤᠨ ᠴᠢᠬᠡᠴᠢ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠵᠦ᠂ ᠬᠤᠪᠢ ᠬᠥᠮᠦᠨ ᠤ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠠᠭ ᠢᠮᠠᠭᠲᠠ | ᠵᠢᠷᠤᠮᠵᠢᠭᠤᠯᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ | ᠡᠯ᠎ᠡ ᠵᠦᠢᠯ ᠤᠨ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠵᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠶᠠᠷ ᠤᠨ | ᠡᠳᠦᠷ ᠤᠨ ᠬᠤᠭᠤᠴᠠᠭᠠᠨ ᠳᠤ ︽ᠳᠥᠷᠪᠡᠨ ᠰᠤᠷᠲᠠᠯ︾ ᠢ ᠰᠡᠷᠭᠡᠶᠢᠯᠡᠨ ᠵᠠᠰᠠᠬᠤ ᠠᠵᠢᠯ ᠢ ᠡᠷᠲᠡ ᠪᠠᠶᠢᠷᠢᠯᠠᠭᠤᠯᠵᠤ᠂ | ᠡᠷᠲᠡ ᠲᠣᠬᠢᠷᠠᠭᠤᠯᠵᠤ᠂ ᠰᠡᠷᠡᠮᠵᠢᠯᠡᠭᠦᠯᠬᠦ ᠶᠢ ᠳᠡᠷᠢᠭᠦᠨ ᠪᠠᠶᠢᠷᠢᠨ ᠳᠤ ᠲᠠᠯᠪᠢᠵᠥ᠂ ᠤᠷᠢᠳᠴᠢᠯᠠᠨ ᠰᠡᠷᠭᠡᠶᠢᠯᠡᠬᠦ ᠶᠢ | ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠳᠤᠷᠢᠳᠬᠤ ᠺᠠᠳ᠋ᠷ | ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠳᠠᠨ︾ ᠤ ︽ᠲᠦᠷᠦᠭᠦᠴᠢ ᠭᠠᠯᠠᠭᠤ ᠶᠢᠨ ᠦᠢᠯᠡᠳᠦᠯ︾ ᠢ | ᠪᠠᠳᠠᠷᠠᠭᠤᠯᠬᠤ ᠶᠢ ᠱᠠᠯᠠᠪᠳᠠᠭᠤᠯᠤᠨ ᠠᠬᠢᠭᠤᠯᠵᠤ᠂ ᠲᠦᠷᠦᠭᠦᠯᠡᠨ ᠭᠠᠵᠢᠭᠤ ᠰᠤᠷᠲᠠᠯ ᠢ ᠡᠰᠡᠷᠭᠦᠴᠡᠵᠦ᠂ ᠰᠤᠷᠲᠠᠯ ᠤᠨ | ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠯᠠᠭ᠎ᠠ | ᠰᠢᠷᠭᠤᠯᠵᠢ ᠶᠢᠨ ᠢᠯᠵᠢᠷᠡᠨ ᠳᠣᠷᠣᠶᠢᠳᠠᠬᠤ︾ ᠶᠢ ᠴᠢᠩᠭ᠎ᠠ ᠵᠠᠯᠬᠠᠭᠠᠵᠤ᠂ ᠠᠷᠠᠳ ᠤᠯᠠᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠴᠡᠭ ᠠᠴᠠ ᠪᠦᠬᠦ ᠲᠠᠯ᠎ᠠ ᠳᠤ ᠬᠦᠷᠴᠦ᠂ ᠭᠠᠳᠠᠨ᠎ᠠ ᠳᠣᠳᠣᠨᠠᠬᠢ ᠶᠢ ᠵᠡᠷᠭᠡ ᠠᠳᠬᠤᠨ᠂ | ᠺᠠᠳ᠋ᠷ ᠤᠨ ᠰᠤᠷᠲᠠᠯ ᠤᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠢᠨᠠᠯᠲᠠ ᠲᠠᠯᠪᠢᠵᠤ | ᠬᠥᠮᠦᠵᠢᠭᠦᠯᠬᠦ ᠶᠢ ᠴᠢᠩᠭᠠᠳᠬᠠᠵᠤ᠂ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠰᠠᠬᠢᠯᠭ᠎ᠠ | ᠬᠠᠤᠯᠢ ᠲᠣᠭᠲᠠᠭᠠᠯ ᠢ ᠤᠶᠤᠨ ᠲᠠᠷᠢᠬᠢᠨ ᠳᠠᠭᠠᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠮᠠᠨ ᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠪᠥᠬᠦᠳᠡ ᠬᠤᠷᠠᠯ ᠤᠨ ᠲᠠᠪᠤᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ | ᠰᠣᠨᠣᠰᠪᠠ᠃ | ᠬᠤᠷᠠᠯ ᠠᠴᠠ ᠪᠠᠰᠠ ᠪᠤᠰᠤᠳ ᠵᠤᠷᠪᠤᠰ ᠢ ᠰᠤᠳᠤᠯᠵᠠᠢ᠃ | |