ᠬᠤᠣᠰ ᠤᠶᠠᠩᠭ᠎ᠠ ᠪᠢᠴᠢᠬᠦ᠂ ᠪᠠᠩᠰᠢ ᠪᠠᠷᠢᠬᠤ᠂ ᠵᠢᠩᠨᠡᠭᠰᠡᠨ ᠮᠠᠨᠲᠠᠤ ᠁ ᠪᠢᠯᠢᠭ ᠤᠨ ᠤᠯᠠᠷᠢᠯ ᠤᠨ | ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠴᠠᠭᠠᠨ | ᠰᠠᠷ᠎ᠠ ᠶᠢᠨ ᠦᠨᠦᠷ ᠤᠯᠠᠮ ᠥᠳᠬᠡᠷᠡᠵᠦ᠂ ᠪᠠᠲᠤᠬᠠᠭᠠᠯᠭ᠎ᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠴᠠᠭᠠᠨ | ᠰᠠᠷ᠎ᠠ ᠶᠢ ᠤᠭᠲᠤᠬᠤ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ | ᠪᠠᠶᠠᠷ ᠬᠥᠷ ᠥᠯᠵᠡᠶ ᠪᠡᠯᠭᠡ ᠲᠠᠢ ᠠᠭᠤᠷ ᠠᠮᠢᠰᠬᠤᠯ ᠤᠨ ᠳᠤᠮᠳᠠ ᠴᠠᠭᠠᠨ ᠰᠠᠷ᠎ᠠ ᠶᠢᠨ ᠦᠨᠦᠷ ᠠᠮᠲᠠ ᠶᠢ | ᠮᠡᠳᠡᠷᠡᠭᠦᠯᠪᠡ᠃ | 1 ᠰᠠᠷ᠎ᠠ ᠶᠢᠨ 21 ᠤ ᠡᠳᠦᠷ᠂ ᠪᠠᠲᠤᠬᠠᠭᠠᠯᠭ᠎ᠠ ᠪᠠᠯᠭᠠᠰᠤᠨ ᠤ ᠠᠶᠢᠪᠠᠭ᠎ᠠ ᠵᠡᠭᠡᠯᠢ ᠶᠢᠨ ᠨᠡᠶᠢᠭᠡᠮ | ᠲᠣᠭᠤᠷᠢᠭ ᠤᠨ ᠬᠥᠳᠡᠯᠭᠡᠭᠡᠨ ᠤ ᠲᠠᠰᠤᠭ ᠲᠤ᠂ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠭᠰᠡᠨ ᠰᠢᠷᠡᠭᠡᠨ ᠤ | ᠡᠮᠦᠨ᠎ᠡ ᠬᠥᠮᠦᠨ ᠳᠦᠭᠦᠷᠴᠦ᠂ ᠤᠷᠠᠨ ᠪᠢᠴᠢᠯᠭᠡ ᠶᠢᠨ ᠪᠠᠭᠰᠢ ᠨᠠᠷ ᠪᠡᠭᠡ ᠲᠦᠷᠬᠢᠵᠦ᠂ ᠪᠢᠷ ᠪᠠᠷᠢᠵᠤ ᠰᠠᠶᠢᠨ | ᠰᠠᠶᠢᠬᠠᠨ ᠢᠷᠦᠭᠡᠯ ᠵᠥᠩᠨᠡᠯ ᠤᠨ ᠬᠤᠤᠰ ᠤᠶᠠᠩᠭ᠎ᠠ ᠪᠢᠴᠢᠵᠤ ᠪᠠᠶᠢᠪᠠ᠃ ᠨᠡᠶᠢᠭᠡᠮ ᠲᠣᠭᠤᠷᠢᠭ ᠲᠤ ᠮᠠᠨᠲᠠᠤ ᠵᠢᠩᠨᠡᠬᠦ | ᠠᠨᠢᠶ᠎ᠠ ᠨᠠᠷ ᠠᠯᠢ ᠡᠷᠲᠡ ᠬᠥᠳᠡᠯᠭᠡᠭᠡᠨ ᠤ ᠲᠠᠰᠤᠭ ᠲᠤ ᠢᠷᠡᠵᠦ ᠭᠤᠯᠢᠷ ᠵᠢᠭᠤᠷᠠᠨ᠂ ᠤᠯᠠᠭᠠᠨ ᠴᠢᠪᠠᠭ᠎ᠠ ᠬᠡᠷᠴᠢᠵᠦ᠂ | ᠨᠠᠷᠢᠯᠢᠭ ᠰᠠᠶᠢᠬᠠᠨ ᠴᠡᠴᠡᠭ ᠴᠢᠮᠬᠢᠭᠰᠡᠨ ᠮᠠᠨᠲᠠᠤ ᠵᠢᠩᠨᠡᠵᠦ᠂ ᠡᠨᠡᠬᠦ ᠭᠤᠶᠤ ᠰᠠᠶᠢᠬᠠᠨ ᠬᠤᠸᠠᠷ ᠲᠠᠢ ᠮᠠᠨᠳᠠᠤ ᠨᠢ | ᠬᠥᠮᠦᠰ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠠᠶᠢᠷ᠎ᠠ ᠰᠡᠳᠬᠢᠯᠭᠡ ᠶᠢ ᠪᠡᠯᠭᠡᠳᠡᠵᠦ ᠪᠠᠶᠢᠨ᠎ᠠ᠃ ᠪᠢᠴᠢᠬᠠᠨ | ᠨᠠᠶᠢᠵᠠ ᠨᠠᠷ ᠬᠠᠮᠲᠤ ᠰᠠᠭᠤᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠴᠠᠭᠠᠨ ᠰᠠᠷ᠎ᠠ ᠶᠢᠨ ᠰᠣᠶᠣᠯ ᠤᠨ | ᠲᠠᠶᠢᠯᠪᠤᠷᠢᠯᠠᠯᠲᠠ ᠶᠢ ᠰᠣᠨᠣᠰᠴᠤ᠂ ᠮᠤᠭᠠᠢ ᠵᠢᠯ ᠤᠨ ᠳ᠋ᠧᠩᠯᠦ ᠵᠤᠬᠢᠶᠠᠵᠤ ᠬᠠᠮᠲᠤ ᠪᠠᠷ ᠤᠯᠠᠮᠵᠢᠯᠠᠯᠲᠤ ᠴᠠᠭᠠᠨ | ᠰᠠᠷ᠎ᠠ ᠶᠢᠨ ᠰᠣᠶᠣᠯ ᠤᠨ ᠷᠢᠳᠢ ᠰᠢᠳᠢ ᠶᠢ ᠣᠶᠢᠯᠠᠭᠠᠪᠠ᠃ | ︽ᠤᠳᠠᠯ ᠦᠭᠡᠢ ᠴᠠᠭᠠᠨ ᠰᠠᠷ᠎ᠠ ᠪᠠᠨ ᠥᠩᠭᠡᠷᠡᠭᠦᠯᠬᠦ ᠭᠡᠵᠦ ᠪᠠᠶᠢᠨ᠎ᠠ᠂ ᠨᠡᠶᠢᠭᠡᠮ ᠲᠣᠭᠤᠷᠢᠭ ᠤᠨ ᠬᠢᠨ | ᠰᠠᠭᠤᠭᠠᠯᠢ ᠠᠷᠠᠳ ᠢ ᠨᠡᠩ ᠤᠯᠠᠨ ᠶᠠᠩᠵᠤ ᠨᠡᠩ ᠡᠯᠪᠡᠭ ᠪᠠᠶᠠᠯᠢᠭ ᠠᠭᠤᠯᠭ᠎ᠠ ᠪᠦᠬᠦᠢ ᠠᠮᠢᠳᠤᠷᠠᠯ ᠤᠨ ᠤᠷᠴᠢᠨ | ᠨᠦᠬᠦᠴᠡᠯ ᠢ ᠬᠠᠩᠭᠠᠵᠤ ᠦᠭᠭᠦ ᠶᠢᠨ ᠲᠥᠯᠥᠭᠡ᠂ ᠣᠨᠴᠠᠭᠠᠶᠢᠯᠠᠨ ᠡᠨᠡ ᠤᠳᠠᠭᠠᠨ ᠤ ᠬᠤᠣᠰ ᠤᠶᠠᠩᠭ᠎ᠠ ᠪᠢᠴᠢᠬᠦ᠂ | ᠮᠠᠨᠲᠠᠤ ᠵᠢᠩᠨᠡᠬᠦ᠂ ᠬᠡᠦᠬᠡᠳ ᠤᠨ ᠴᠡᠴᠡᠭᠲᠦ ᠳ᠋ᠧᠩ ᠦᠢᠯᠡᠳᠬᠦ ᠵᠡᠷᠭᠡ ᠠᠯᠢ ᠤᠯᠠᠨ ᠤᠯᠠᠮᠵᠢᠯᠠᠯᠲᠤ ᠰᠣᠶᠣᠯ ᠵᠠᠩ | ᠦᠢᠯᠡ ᠶᠢᠨ ᠠᠵᠢᠯᠯᠠᠭ᠎ᠠ ᠶᠢ ᠡᠷᠬᠢᠯᠡᠪᠡ᠃ ᠰᠠᠭᠤᠭᠠᠯᠢ ᠠᠷᠠᠳ ᠢ ᠪᠠᠶᠠᠷ ᠪᠠᠶᠠᠰᠬᠤᠯᠠᠩ ᠲᠠᠢ᠂ ᠡᠶ᠎ᠡ ᠨᠠᠶᠢᠷᠠᠮᠳᠠᠭᠤ | ᠪᠠᠶᠠᠷ ᠤᠨ ᠡᠳᠦᠷ ᠤᠨ ᠠᠭᠤᠷ ᠠᠮᠢᠰᠬᠤᠯ ᠳᠤ ᠰᠣᠭᠲᠣᠭᠤᠷᠠᠭᠤᠯᠤᠨ᠎ᠠ᠃ ᠰᠠᠭᠤᠭᠠᠯᠢ ᠠᠷᠠᠳ ᠢ ᠠᠵᠢᠯᠯᠠᠭ᠎ᠠ ᠳᠤ | ᠤᠷᠤᠯᠴᠠᠭᠤᠯᠬᠤ ᠶᠠᠪᠤᠴᠠ ᠳᠤ᠂ ᠴᠠᠭᠠᠨ ᠰᠠᠷ᠎ᠠ ᠶᠢᠨ ᠲᠤᠬᠠᠶ ᠮᠠᠰᠢ ᠣᠯᠠᠨ ᠮᠡᠳᠡᠯᠭᠡ ᠶᠢ ᠰᠤᠷᠤᠯᠴᠠᠭᠤᠯᠵᠤ᠂ ᠨᠠᠩ | ᠶᠡᠭᠡ ᠰᠢᠨ᠎ᠡ ᠵᠢᠯ ᠤᠨ ᠦᠨᠦᠷ ᠠᠮᠲᠠ ᠶᠢ ᠮᠡᠳᠡᠷᠡᠭᠦᠯᠪᠡ︾ ᠭᠡᠵᠦ ᠠᠶᠢᠪᠠᠭ᠎ᠠ ᠵᠡᠭᠡᠯᠢ ᠶᠢᠨ ᠨᠡᠶᠢᠭᠡᠮ ᠲᠣᠭᠤᠷᠢᠭ ᠤᠨ | ᠨᠠᠮ ᠤᠨ ᠶᠡᠷᠦᠩᠬᠡᠢ ᠡᠭᠦᠷ ᠤᠨ ᠱᠦᠵᠢ ᠯᠢᠶᠠᠩ ᠵᠢᠩ ᠬᠡᠯᠡᠪᠡ᠃ | 1 ᠰᠠᠷ᠎ᠠ ᠶᠢᠨ 22 ᠤᠨ ᠡᠳᠦᠷ᠂ ᠪᠢᠯᠢᠭ ᠤᠨ ᠤᠯᠠᠷᠢᠯ ᠤᠨ ᠪᠠᠭ᠎ᠠ ᠰᠢᠨ᠎ᠡ ᠶᠢᠨ ᠡᠳᠦᠷ᠂ ᠴᠢᠯᠦᠭᠡᠯᠡᠬᠦ | ᠵᠡᠭᠡᠯᠢ ᠶᠢᠨ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠭ ᠴᠤ ᠬᠥᠷ ᠬᠥᠭᠵᠢᠶᠡᠨ ᠢᠶᠠᠷ ᠪᠢᠯᠬᠠᠵᠤ᠂ ᠪᠠᠩᠰᠢ ᠶᠢᠨ | ᠮᠢᠬ᠎ᠠ ᠨᠤᠭᠤᠭ᠎ᠠ ᠭᠡᠷᠴᠢᠵᠤ᠂ ᠭᠤᠯᠢᠷ ᠵᠢᠭᠤᠷᠠᠨ᠂ ᠣᠯᠠᠨ ᠢᠶᠠᠷ ᠢᠶᠠᠨ ᠪᠠᠩᠰᠢ ᠪᠠᠷᠢᠬᠤ ᠶᠢᠨ ᠳᠠᠭᠠᠤ ᠶᠠᠷᠢᠯᠴᠠᠵᠤ᠂ | ᠵᠢᠵᠢᠭᠬᠡᠨ ᠬᠥᠳᠡᠯᠭᠡᠭᠡᠨ ᠤ ᠦᠷᠦᠭᠡᠨ ᠳᠤ ᠴᠠᠭᠠᠨ ᠰᠠᠷ᠎ᠠ ᠶᠢᠨ ᠦᠨᠦᠷ ᠠᠮᠳᠠ ᠪᠠᠷ ᠲᠦᠬᠦᠷᠪᠡ᠃ ᠤᠳᠠᠯ ᠦᠭᠡᠢ | ᠬᠠᠯᠠᠭᠤᠨ ᠠᠭᠤᠷ ᠰᠠᠪᠰᠠᠯᠠᠭᠰᠠᠨ ᠫᠢᠯᠠ ᠫᠢᠯᠠ ᠪᠠᠩᠰᠢ ᠵᠠᠯᠭᠠᠭ᠎ᠠ ᠵᠠᠯᠭᠠᠭ᠎ᠠ ᠪᠠᠷ ᠲᠣᠭᠤᠭᠠᠨ ᠠᠴᠠ ᠭᠠᠷᠴᠤ ᠂ | ᠰᠢᠷᠡᠭᠡᠨ ᠲᠡᠭᠡᠷ᠎ᠡ ᠲᠠᠯᠪᠢᠭᠳᠠᠪᠠ᠃ ᠴᠢᠯᠦᠬᠡᠯᠡᠬᠦ ᠵᠡᠭᠡᠯᠢ ᠨᠡᠶᠢᠭᠡᠮ ᠲᠣᠭᠤᠷᠢᠭ ᠡᠨᠡ ᠵᠢᠯ ᠬᠠᠷᠢᠶᠠᠲᠤ ᠣᠷᠣᠨ ᠤ | ᠦᠷ᠎ᠡ ᠬᠡᠤᠬᠡᠳ ᠨᠢ ᠲᠡᠷᠭᠡᠳᠡ ᠨᠢ ᠪᠠᠶᠢᠬᠤ ᠦᠭᠡᠢ ᠦᠭᠡᠢ ᠨᠠᠰᠤᠲᠠᠳ ᠢ ᠤᠷᠢᠵᠤ ᠬᠥᠳᠡᠯᠭᠡᠭᠡᠨ ᠤ ᠬᠡᠷ ᠲᠤ | ᠬᠠᠮᠳᠤ ᠪᠠᠷ ᠪᠠᠭ᠎ᠠ ᠰᠢᠨ᠎ᠡ ᠶᠢ ᠦᠩᠭᠡᠷᠡᠬᠦᠯᠵᠠᠢ᠂ ᠨᠠᠰᠤᠲᠠᠶᠢᠴᠤᠳ ᠪᠠᠩᠰᠢ ᠢᠳᠡᠬᠦ ᠶᠢᠨ ᠬᠠᠮᠳᠤ ᠵᠣᠭᠤᠭᠳᠠᠵᠤ᠂ | ᠣᠯᠠᠨ ᠢᠶᠠᠷ ᠢᠶᠠᠨ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠰᠢᠨ᠎ᠡ ᠵᠢᠯ ᠤᠨ ᠪᠠᠶᠠᠷ ᠪᠠᠭ᠋ᠠᠳᠤᠯ ᠪᠠ | ᠬᠠᠯᠠᠭᠤᠨ ᠳᠤᠯᠠᠭᠠᠨ ᠢ ᠮᠡᠳᠡᠷᠡᠪᠡ᠃ | ᠠᠳᠠᠯᠢ ᠪᠤᠰᠤ ᠬᠡᠯᠪᠡᠷᠢ ᠶᠢᠨ ᠰᠢᠨ᠎ᠡ ᠵᠢᠯ ᠢ ᠤᠭᠲᠤᠬᠤ ᠠᠵᠢᠯᠯᠠᠭ᠎ᠠ ᠨᠢ ᠤᠯᠠᠨ ᠢ ᠴᠠᠭᠠᠨ ᠰᠠᠷ᠎ᠠ ᠶᠢᠨ ᠠᠭᠤᠷ | ᠠᠮᠢᠰᠬᠤᠯ ᠳᠤ ᠤᠷᠢᠳᠴᠢᠯᠠᠨ ᠰᠣᠭᠲᠣᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ | ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠬᠥᠷᠰᠢ | ᠵᠡᠷᠭᠡᠯᠡᠳᠡᠭᠡ ᠶᠢᠨ ᠬᠤᠭᠤᠷᠣᠨᠳᠣ ᠰᠣᠯᠢᠯᠴᠠᠭᠠᠨ ᠤ ᠲᠠᠪᠴᠠᠩ ᠬᠠᠩᠭᠠᠭᠰᠠᠨ ᠪᠠᠶᠢᠨ᠎ᠠ᠃ ᠰᠢᠨ᠎ᠡ ᠨᠢᠭᠡ ᠵᠢᠯ ᠳᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠨᠡᠶᠢᠭᠡᠮ ᠲᠣᠭᠤᠷᠢᠭ ᠦᠷᠭᠦᠯᠵᠢᠯᠡᠨ ᠨᠠᠩ ᠣᠯᠠᠨ ᠡᠰᠢᠲᠦ᠂ | ᠨᠠᠩ ᠳᠣᠲᠣᠨᠣ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠲᠤ ᠦᠨᠡᠨ ᠬᠦ ᠪᠣᠳᠠᠲᠤ ᠶᠠᠪᠤᠳᠠᠯ ᠬᠢᠵᠦ᠂ ᠡᠶ᠎ᠡ | ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠤᠨ᠎ᠠ᠃ |