ᠵᠢᠶᠠ ᠪᠦᠦ ᠯᠢᠶᠠᠩ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/24
      1 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ᠂ ᠬᠤᠶᠠᠷ ᠥᠮᠡᠨ ᠳᠤ ᠨᠡᠷᠪᠡᠭᠳᠡᠭᠰᠡᠨ ᠡᠮᠡᠭᠲᠡᠶᠢᠴᠦᠳ᠂ ᠴᠢᠨᠳᠠᠷ ᠤᠨ ᠡᠷᠬᠡᠲᠡᠨ ᠤ ᠰᠠᠶᠢᠨ ᠳᠤᠷ᠎ᠠ ᠶᠢᠨ ᠬᠠᠨᠳᠢᠪᠯᠠᠭᠴᠢ᠂ ᠬᠦᠴᠢᠷᠳᠡᠯᠲᠡᠶ ᠬᠡᠤᠬᠡᠳ ᠵᠢᠴᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃      ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ ᠯᠢᠦ ᠵᠢᠶᠠᠨ ᠭᠦᠸᠧ ᠶᠢᠨ  ᠳᠤ᠂ ᠵᠢᠶᠠ ᠪᠦᠦ ᠯᠢᠶᠠᠩ ᠨᠠᠰᠤᠲᠠᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠢ ᠨᠠᠷᠢᠨ ᠠᠰᠠᠭᠤᠵᠤ᠂ ᠲᠡᠭᠦᠨ ᠤ ᠨᠠᠮ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠵᠦ᠂ ᠨᠠᠰᠤᠲᠠᠨ ᠢ ᠪᠡᠶ᠎ᠡ ᠪᠠᠨ ᠬᠢᠴᠢᠶᠡᠵᠦ᠂ ᠪᠠᠶᠠᠷ ᠪᠠᠶᠠᠰᠤᠩᠭᠤᠢ ᠪᠠᠶᠢᠭᠠᠷᠠᠢ ᠭᠡᠵᠦ ᠵᠠᠬᠢᠪᠠ᠃      ᠴᠢᠨᠳᠠᠷ ᠤᠨ ᠡᠷᠬᠡᠲᠡᠨ ᠢᠶᠠᠨ ᠬᠠᠨᠳᠢᠪᠯᠠᠭᠰᠠᠳ ᠵᠢᠴᠢ ᠬᠤᠶᠠᠷ ᠥᠮᠡᠨ ᠳᠤ ᠨᠡᠷᠪᠡᠭᠳᠡᠭᠰᠡᠨ ᠡᠮᠡᠭᠳᠡᠶᠢᠴᠤᠳ ᠤᠨ ᠬᠡᠷ ᠲᠤ᠂ ᠵᠢᠶᠠ ᠪᠦᠦ ᠯᠢᠶᠠᠩ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠳᠤ ᠪᠠᠨ ᠪᠠᠶᠠᠰᠤᠩᠭᠤᠶ ᠬᠠᠨᠳᠤᠵᠤ᠂ ᠠᠮᠢᠳᠤᠷᠠᠯ ᠤᠨ ᠢᠲᠡᠭᠡᠯ ᠢᠶᠠᠨ ᠨᠡᠮᠡᠭᠳᠡᠭᠦᠯᠬᠦ ᠶᠢ ᠵᠣᠷᠢᠭᠵᠢᠭᠤᠯᠵᠠᠶ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠤ ᠣᠯᠠᠨ ᠲᠦᠮᠡᠨ ᠤ ᠬᠠᠯᠠᠭᠤᠨ ᠳᠤᠯᠠᠭᠠᠨ ᠢ ᠢᠯᠡᠭᠦᠥ ᠠᠩᠬᠠᠷᠤᠨ ᠬᠠᠯᠠᠮᠵᠢᠯᠡᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠣᠨᠴᠠᠭᠠᠶ ᠬᠥᠮᠦᠰ ᠲᠤ ᠨᠠᠩ ᠣᠯᠠᠨ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠲᠡᠳᠡᠨ ᠤ ᠪᠠᠶᠠᠷ ᠬᠥᠷ ᠥᠯᠵᠡᠶ ᠪᠡᠯᠭᠡ ᠲᠠᠢ᠂ ᠵᠣᠯ ᠵᠢᠷᠭᠠᠯ ᠲᠠᠢ ᠬᠠᠯᠠᠭᠤᠨ ᠳᠤᠯᠠᠭᠠᠨ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠵᠠᠬᠢᠪᠠ᠃      ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠬᠡᠰᠢᠭᠪᠡᠭᠠᠲᠤᠷ ᠢ ᠪᠣᠯᠭᠤᠭᠠᠨ ᠦᠵᠡᠬᠦ ᠳᠡᠭᠡᠨ᠂ ᠵᠢᠶᠠ ᠪᠦᠦ ᠯᠢᠶᠠᠩ ᠲᠡᠭᠦᠨ ᠤ ᠡᠳᠦᠷ ᠲᠤᠲᠤᠮ ᠤᠨ ᠠᠮᠢᠳᠤᠷᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ ᠂ ᠲᠡᠭᠦᠨ ᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠴᠠᠭᠠᠨ ᠰᠠᠷ᠎ᠠ ᠶᠢᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠠᠬᠠᠮᠠᠳ ᠺᠠᠳ᠋ᠷᠴᠤᠳ ᠬᠤᠶᠢᠰᠢᠳᠠ ᠳᠠᠪᠠᠭᠤᠯᠢᠭ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠠᠷᠭ᠎ᠠ ᠤᠬᠠᠭᠠᠨ ᠭᠠᠷᠭᠠᠵᠤ᠂ ᠰᠠᠨᠠᠯ ᠰᠠᠨᠠᠭᠤᠯᠭ᠎ᠠ ᠥᠭᠭᠦᠨ᠂ ᠥᠩᠭᠡᠷᠡᠭᠰᠡᠨ ᠲᠠᠢ ᠪᠠᠨ ᠠᠳᠠᠯᠢ ᠪᠠᠷ ᠳᠠᠷᠬᠠᠨ ᠮᠤᠤᠮᠢᠩᠭᠠᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠬᠦᠰᠡᠪᠡ᠃      ᠬᠦᠴᠢᠷᠳᠡᠯ ᠲᠠᠢ ᠬᠡᠦᠬᠡᠳ ᠤᠨ ᠭᠡᠷ ᠲᠤ᠂ ᠵᠢᠶᠠ ᠪᠦᠦ ᠯᠢᠶᠠᠩ ᠬᠤᠪᠴᠠᠰᠤ ᠬᠤᠨᠠᠷ᠂ ᠰᠤᠯᠠ ᠢᠳᠡᠭᠡᠨ᠂ ᠠᠮᠤ ᠪᠤᠳᠠᠭ᠎ᠠ᠂ ᠭᠤᠯᠢᠷ ᠲᠣᠰᠣ ᠵᠢᠴᠢ ᠲᠣᠬᠤᠨᠢᠭᠤᠯᠬᠤ ᠮᠥᠩᠭᠦ ᠵᠡᠷᠭᠡ ᠪᠠᠷ ᠬᠡᠦᠬᠡᠳ ᠤᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ᠂ ᠲᠡᠭᠦᠨ ᠤ ᠠᠮᠢᠳᠤᠷᠠᠯ ᠰᠤᠷᠤᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠢ ᠰᠠᠶᠢᠲᠤᠷ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠪᠠ ᠨᠤᠲᠤᠭ ᠤᠰᠤᠨ ᠤ ᠪᠠᠨ ᠠᠴᠢ ᠶᠢ ᠬᠠᠷᠢᠭᠤᠯᠬᠤ ᠬᠡᠷᠡᠭᠲᠡᠶ ᠭᠡᠵᠦ ᠵᠠᠬᠢᠪᠠ᠃      ᠬᠤᠰᠢᠭᠤᠨ ᠤ ᠤᠳᠤᠷᠢᠳᠤᠯᠭ᠎ᠠ ᠶᠠᠨ ᠴᠦᠨ ᠯᠸᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠨᠤᠭᠤᠳ ᠪᠠᠷ᠎ᠠ ᠪᠣᠯᠵᠣ ᠲᠣᠬᠤᠨᠢᠭᠤᠯᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号