ᠴᠠᠭᠳᠠᠭᠠᠨ ᠤ ᠲᠠᠯ᠎ᠠ ᠶᠢᠨ ᠪᠠᠴᠢᠮ ᠰᠠᠨᠠᠭᠤᠯᠤᠮᠵᠢ᠄ ᠭᠠᠷ ᠤᠲᠠᠰᠤᠨ ᠤ ᠡᠨᠡ ᠬᠦ ᠴᠢᠳᠠᠮᠵᠢ ᠶᠢ ᠬᠡᠷᠡᠭᠯᠡᠭᠦ  ᠳᠡᠭᠡᠨ ᠪᠣᠯᠭᠤᠮᠵᠢᠲᠠᠶ ᠪᠠᠶᠢᠭᠠᠷᠠᠢ︕
ᠨᠡᠶᠢᠲᠡᠯᠡᠭᠰᠡᠨ ᠴᠠᠭ᠄
2025/1/25
      ᠲᠨ ᠭᠠᠷ ᠤᠲᠠᠰᠤᠨ ᠤ NFC ᠴᠢᠳᠠᠮᠵᠢ ᠶᠢ ᠨᠡᠶᠢᠲᠡ ᠶᠢᠨ ᠮᠠᠰᠢᠨ ᠲᠡᠷᠭᠡᠨ ᠤ ᠺᠠᠷᠲ ᠢᠶᠠᠨ ᠰᠢᠷᠪᠢᠬᠦ ᠪᠤᠶᠤ ᠬᠤᠷᠳᠤᠨ ᠲᠤᠭᠠᠴᠠᠭ᠎ᠠ ᠬᠢᠬᠦ ᠳᠤ ᠬᠡᠷᠡᠭᠯᠡᠨ᠎ᠡ ᠭᠡᠵᠦ ᠦᠵᠡᠳᠡᠭ ᠦᠦ︖ ᠭᠡᠳᠡᠯ᠎ᠡ ᠮᠡᠬᠡᠯᠡᠭᠴᠢ ᠬᠠᠷᠢᠨ ᠡᠨᠡ ᠬᠦ ᠳᠥᠭᠦᠮ ᠴᠢᠳᠠᠮᠵᠢ ᠶᠢ ᠨᠢᠭᠡᠨᠲᠡ ᠠᠩᠬᠠᠷᠴᠤ᠂ ᠲᠡᠭᠦᠨ ᠢ ᠲᠠᠨ ᠤ ᠪᠠᠩᠬᠢ ᠶᠢᠨ ᠺᠠᠷᠲ ᠤᠨ ᠬᠠᠳᠠᠭᠠᠯᠠᠮᠵᠢ ᠶᠢ ᠬᠤᠯᠠᠭᠠᠢᠯᠠᠬᠤ ︽ᠵᠣᠭᠤᠰ ᠭᠠᠷᠭᠠᠵᠤ ᠠᠪᠬᠤ ᠮᠠᠰᠢᠨ︾ ᠪᠤᠯᠭᠠᠵᠤ ᠪᠠᠶᠢᠬᠤ ᠶᠢ ᠲᠠ ᠪᠠᠷᠤᠭ ᠮᠡᠳᠡᠬᠦ ᠦᠭᠡᠢ ᠪᠠᠶᠢᠬ᠎ᠠ ︕ ᠵᠥᠪᠬᠡᠨ ᠬᠡᠳᠦᠨ ᠠᠯᠬᠤᠮ ᠢᠶᠠᠷ ᠲᠤᠪᠰᠢᠪᠠᠯ ᠬᠡᠳᠦᠨ ᠲᠦᠮᠡᠨ ᠲᠥᠭᠦᠷᠢᠭ ᠴᠢᠨᠠᠭᠰᠢᠯᠠᠨ ᠬᠡᠳᠦᠨ ᠠᠷᠪᠠᠨ ᠲᠦᠮᠡᠨ ᠲᠥᠭᠦᠷᠢᠭ ᠢ ᠴᠢᠨᠢ ᠬᠠᠷᠠᠵᠦ ᠪᠠᠶᠢᠳᠠᠯ᠎ᠠ ᠰᠢᠷᠪᠢᠭᠡᠳ ᠠᠪᠤᠭᠠᠳ ᠶᠠᠪᠤᠴᠢᠬᠠᠳᠠᠭ᠃       ᠮᠡᠬᠡᠯᠡᠯ ᠤᠨ ᠠᠷᠭ᠎ᠠ ᠶᠢᠨ ᠲᠤᠬᠠᠢ ᠵᠠᠳᠠᠯᠤᠯᠲᠠ       1. ᠵᠢᠩᠬᠢᠨᠢ ᠬᠦᠮᠦᠨ ᠢᠶᠠᠷ ᠨᠢ ᠣᠪᠯᠠᠳᠠᠭ ︽ᠡᠭᠡᠯᠵᠢ ᠶᠢᠨ ᠨᠢᠰᠬᠡᠯ ᠤᠨ ᠭᠡᠮᠲᠦᠯ︾᠂ ︽ᠰᠦᠶ᠋ᠳᠬᠡᠯ ᠬᠤᠷᠢᠶᠠᠬᠤ ᠶᠢ ᠬᠦᠴᠦᠨ ᠥᠬᠡᠶ ᠪᠣᠯᠭᠠᠬᠤ︾ ᠵᠡᠷᠭᠡ ᠪᠠᠷ ᠰᠢᠯᠲᠠᠭ ᠪᠣᠯᠭᠠᠵᠤ᠂ ᠬᠤᠬᠢᠷᠠᠯ ᠠᠮᠰᠠᠭᠴᠢ ᠳᠤ ᠪᠠᠴᠢᠮᠳᠠᠵᠤ ᠰᠠᠨᠳᠤᠷᠬᠤ ᠰᠡᠳᠬᠢᠯᠭᠡ ᠶᠢ ᠪᠣᠶ ᠪᠣᠯᠭᠠᠵᠤ᠂ ᠪᠠᠴᠢᠮᠳᠠᠬᠤ ᠪᠠᠶᠢᠳᠠᠯ ᠢ ᠨᠢ ᠠᠰᠢᠭᠯᠠᠨ ᠲᠡᠭᠦᠨ ᠤ ᠰᠣᠨᠣᠷ ᠰᠡᠷᠡᠮᠵᠢ ᠶᠢ ᠨᠢ ᠠᠯᠳᠠᠭᠤᠯᠳᠠᠭ᠃       2. NFC ᠴᠢᠳᠠᠮᠵᠢ ᠶᠢ ᠠᠰᠢᠬᠯᠠᠨ ᠬᠤᠯᠠᠭᠠᠶᠢᠯᠠᠨ ᠰᠢᠷᠪᠢᠳᠡᠭ ᠬᠤᠬᠢᠷᠠᠯ ᠠᠮᠰᠠᠭᠴᠢ ᠶᠢ NFC ᠴᠢᠳᠠᠮᠵᠢ ᠪᠠᠷ ᠳᠠᠮᠵᠢᠭᠤᠯᠤᠨ᠂ ᠪᠠᠩᠬᠢ ᠶᠢᠨ ᠺᠠᠷᠲ ᠤᠨ ᠮᠡᠳᠡᠭᠡ ᠵᠠᠩᠭᠢ ᠪᠠᠨ ᠬᠤᠳᠠᠯ ᠬᠠᠭᠤᠷᠮᠠᠭ ᠵᠥᠭᠡᠯᠡᠨ ᠬᠡᠷᠡᠭᠰᠡᠯ ᠲᠠᠢ ᠬᠤᠯᠪᠣᠬᠤ ᠶᠢ ᠱᠠᠭᠠᠷᠳᠠᠵᠤ᠂ ᠺᠠᠷᠲ ᠤᠨ ᠳᠣᠲᠣᠷᠠᠬᠢ ᠪᠠᠯᠠ ᠮᠥᠩᠭᠦ ᠶᠢᠨ ᠮᠡᠳᠡᠭᠡ ᠵᠠᠩᠭᠢ ᠰᠢᠭᠤᠳ ᠤᠯᠬᠤ ᠶᠢᠨ ᠬᠠᠮᠲᠤ ᠰᠢᠯᠵᠢᠭᠦᠯᠤᠨ ᠠᠪᠳᠠᠭ᠃       3. ᠠᠯᠤᠰ ᠡᠵᠡᠮᠰᠢᠯᠲᠦ ᠠᠷᠭ᠎ᠠ ᠪᠠᠷ ᠨᠢ ᠠᠶᠤᠮᠰᠢᠭᠲᠤ ᠰᠡᠳᠬᠢᠯᠭᠡ ᠶᠢ ᠪᠣᠢ ᠪᠣᠯᠭᠠᠳᠠᠭ ᠲᠡᠯᠭᠡᠴᠡ ᠶᠢ ᠬᠠᠮᠲᠤ ᠪᠠᠷ ᠡᠳ᠋ᠯᠡᠬᠦ ᠵᠡᠷᠭᠡ ᠮᠡᠷᠭᠡᠵᠢᠯ ᠢ ᠬᠡᠷᠡᠭᠯᠡᠵᠦ᠂ ᠬᠤᠬᠢᠷᠠᠯ ᠠᠮᠰᠠᠭᠴᠢ ᠳᠤ ᠨᠥᠭᠦᠭᠡ ᠡᠲᠡᠭᠡᠳ ᠨᠢ ᠵᠢᠩᠬᠢᠨᠢ ᠠᠵᠢᠯᠯᠠᠵᠤ ᠪᠠᠶᠢᠬᠤ ᠠᠳᠡᠭᠦᠷᠡᠯ ᠦᠭᠭᠦ ᠶᠢᠨ ᠤᠯᠠᠮ ᠢᠶᠠᠷ ᠲᠡᠭᠦᠨ ᠤ ᠢᠳᠡᠭᠡᠯ ᠤᠯᠳᠠᠭ᠃       4. ᠬᠠᠭᠤᠷᠮᠠᠭ ᠮᠡᠳᠡᠭᠡ ᠵᠠᠩᠭᠢ ᠵᠣᠬᠢᠶᠠᠵᠤ ᠠᠩᠬᠠᠷᠤᠯ ᠢ ᠨᠢ ᠰᠢᠯᠵᠢᠭᠦᠯᠳᠡᠭ ᠮᠡᠬᠡᠯᠡᠭᠴᠢ ᠨᠢ ︽ ᠠᠮᠵᠢᠯᠲᠠ ᠲᠠᠢ ᠪᠠᠷ ᠬᠦᠴᠦᠨ ᠥᠬᠡᠶ ᠪᠣᠯᠭᠠᠭᠰᠠᠨ︾ ᠬᠡᠳᠡᠭ ᠬᠤᠳᠠᠯ ᠬᠠᠭᠤᠷᠮᠠᠭ ᠮᠡᠳᠡᠭᠡ ᠵᠠᠩᠭᠢ ᠶᠠᠪᠤᠭᠤᠯᠵᠤ᠂ ᠬᠤᠬᠢᠷᠠᠯ ᠠᠮᠰᠠᠭᠴᠢ ᠶᠢᠨ ᠰᠣᠨᠣᠷ ᠰᠡᠷᠡᠮᠵᠢ ᠶᠢ ᠰᠤᠯᠠᠷᠠᠭᠤᠯᠵᠤ᠂ ᠪᠠᠯᠠ ᠮᠥᠩᠭᠦ ᠶᠢ ᠨᠢ ᠬᠤᠯᠠᠭᠠᠶᠢᠯᠠᠵᠦ ᠪᠠᠶᠢᠬᠤ ᠶᠢ ᠣᠯᠵᠤ ᠮᠡᠳᠡᠬᠦ ᠶᠢ ᠬᠤᠶᠢᠰᠢᠯᠠᠭᠤᠯᠵᠤ ᠪᠠᠶᠢᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号