ᠰᠢ ᠾᠧ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠾᠧ ᠵᠢᠶᠣᠣ ᠳ᠋ᠦᠩ ᠯᠢᠶᠠᠩ ᠶᠠᠨ ᠠᠯᠲᠠᠨ ᠤ ᠠᠭᠤᠷᠬᠠᠢ ᠶᠢᠨ ᠭᠠᠵᠠᠷ ᠡᠵᠡᠯᠡᠭᠰᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/1/25
      ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 1 ᠰᠠᠷ᠎ᠠ ᠶᠢᠨ 23 ᠤ ᠡᠳᠦᠷ᠂ ᠰᠢ ᠾᠧ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠾᠧ ᠵᠢᠶᠤᠤ ᠳ᠋ᠦᠩ ᠯᠢᠶᠠᠩ ᠶᠠᠨ ᠠᠯᠲᠠᠨ ᠤ ᠠᠭᠤᠷᠬᠠᠢ ᠶᠢᠨ  ᠠᠭᠤᠷᠬᠠᠢ ᠬᠠᠶᠢᠬᠤ ᠬᠡᠪᠴᠢᠶᠡᠨ ᠳᠤ ᠲᠤᠰᠬᠠᠶ ᠪᠠᠶᠢᠴᠠᠭᠠᠯᠲᠠ ᠬᠢᠵᠦ᠂ ᠲᠣᠰ ᠠᠯᠲᠠᠨ ᠤ ᠠᠭᠤᠷᠬᠠᠶ ᠳᠤ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠩᠭᠠᠭᠰᠠᠨ ᠳᠥᠷᠪᠡᠨ ᠬᠢᠵᠠᠭᠠᠷ ᠣᠷᠣᠨ ᠪᠠᠶᠢᠷᠢ ᠳᠤ ᠬᠦᠨᠵᠡᠬᠡᠶᠢᠷᠡᠪᠡ᠃ ᠪᠠᠶᠢᠴᠠᠭᠠᠯᠲᠠ ᠶᠢᠨ ᠪᠥᠬᠦ ᠲᠠᠯ᠎ᠠ ᠳᠤ ᠥᠨᠴᠥᠭ ᠪᠤᠯᠤᠩ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠩᠭᠢ  ᠰᠢᠨ᠎ᠡ ᠶᠢ ᠡᠭᠦᠳᠬᠦ ᠴᠢᠨᠠᠷᠲᠠᠶ ᠪᠠᠷ ᠵᠢᠯᠣᠭᠤᠴᠢ ᠥᠬᠡᠶ ᠨᠢᠰᠬᠡᠯ ᠢᠶᠠᠷ ᠬᠠᠪᠰᠤᠷᠤᠨ ᠲᠣᠭᠤᠷᠢᠨ ᠪᠠᠶᠢᠴᠠᠭᠠᠪᠠ᠃ ᠵᠢᠯᠣᠭᠤᠴᠢ ᠥᠬᠡᠶ ᠨᠢᠰᠬᠡᠯ ᠢ ᠠᠵᠢᠯᠯᠠᠭᠤᠯᠬᠤ ᠪᠠᠷ ᠳᠡᠮᠵᠢᠨ᠂ ᠬᠠᠤᠯᠢ ᠬᠡᠷᠡᠭᠵᠢᠭᠦᠯᠬᠦ ᠠᠵᠢᠯᠲᠠᠨ ᠥᠨᠳᠥᠷ ᠣᠭᠲᠠᠷᠭᠤᠶ ᠠᠴᠠ ᠠᠭᠤᠷᠬᠠᠶ ᠬᠠᠶᠢᠬᠤ ᠬᠦᠷᠢᠶ᠎ᠡ ᠬᠡᠪᠴᠢᠶ᠎ᠡ ᠶᠢᠨ ᠪᠦᠬᠦᠯᠢ ᠴᠣᠭᠴᠠ ᠶᠢᠨ ᠲᠣᠳᠣ ᠳᠦᠷᠰᠦ ᠪᠠᠶᠢᠳᠠᠯ ᠢ ᠣᠯᠵᠤ ᠦᠵᠡᠨ᠂ ᠠᠭᠤᠷᠬᠠᠶ ᠬᠠᠶᠢᠬᠤ ᠵᠠᠭᠠᠭ ᠬᠢᠵᠠᠭᠠᠷ ᠵᠢᠴᠢ ᠡᠷᠬᠢᠨ ᠲᠣᠭᠤᠷᠢᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠪᠠᠶᠢᠳᠠᠯ ᠢ ᠲᠣᠳᠣᠷᠬᠠᠶ ᠢᠯᠡᠷᠡᠭᠦᠯᠪᠡ᠃ ᠵᠢᠯᠣᠭᠤᠴᠢ ᠥᠬᠡᠶ ᠨᠢᠰᠬᠡᠯ ᠬᠥᠮᠦᠨ ᠤ ᠬᠦᠴᠦ ᠪᠠᠷ ᠬᠦᠷᠬᠦ ᠳᠤ ᠪᠡᠷᠬᠡ ᠣᠷᠣᠨ ᠪᠦᠰᠡ ᠳᠤ ᠲᠦᠷᠭᠡᠨ ᠬᠦᠷᠴᠦ᠂ ᠠᠭᠤᠷᠬᠠᠢ ᠬᠠᠶᠢᠬᠤ ᠬᠡᠪᠴᠢᠶᠡᠨ ᠤ ᠡᠯ᠎ᠡ ᠥᠨᠴᠥᠭ ᠪᠤᠯᠤᠩ ᠢ ᠨᠠᠷᠢᠨ ᠨᠢᠮᠪᠠᠶ ᠰᠡᠭᠦᠳᠡᠷᠯᠡᠨ ᠬᠢᠨᠠᠨ ᠬᠡᠮᠵᠢᠯᠲᠡ ᠬᠢᠵᠦ᠂ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠵᠢᠯᠣᠭᠤᠴᠢ ᠥᠬᠡᠶ ᠨᠢᠰᠬᠡᠯ ᠤᠨ ᠣᠯᠤᠭᠰᠠᠨ ᠵᠢᠷᠤᠭ ᠳᠦᠷᠰᠦ ᠬᠢᠭᠡᠳ ᠭᠠᠵᠠᠷ ᠰᠢᠷᠣᠶ ᠶᠢᠨ ᠬᠢᠨᠠᠨ ᠵᠥᠪᠰᠢᠶᠡᠷᠡᠬᠦ ᠮᠠᠲ᠋ᠧᠷᠢᠶᠠᠯ ᠢ ᠬᠠᠷᠢᠴᠠᠭᠤᠯᠤᠨ ᠬᠠᠷᠭᠤᠭᠤᠯᠵᠤ᠂ ᠠᠭᠤᠷᠬᠠᠶ ᠶᠢᠨ ᠬᠡᠪᠴᠢᠶᠡᠨ ᠳᠣᠲᠣᠷ᠎ᠠ ᠬᠠᠤᠯᠢ ᠪᠤᠰᠤ ᠪᠠᠷᠢᠯᠭ᠎ᠠ ᠪᠠᠶᠢᠬᠤ ᠡᠰᠡᠬᠦ ᠶᠢ ᠣᠨᠣᠪᠴᠢᠲᠠᠶ ᠬᠢᠨᠠᠨ ᠬᠠᠷᠭᠤᠭᠤᠯᠬᠤ ᠶᠢᠨ ᠬᠠᠮᠲᠤ᠂ ᠭᠠᠵᠠᠷ ᠰᠢᠷᠣᠶ ᠶᠢᠨ ᠬᠡᠷᠡᠭᠴᠡᠭᠡ ᠶᠢᠨ ᠲᠣᠭᠲᠠᠭᠠᠯ ᠳᠤ ᠨᠡᠶᠢᠴᠡᠬᠦ ᠴᠢᠨᠠᠷ ᠲᠤ ᠨᠠᠷᠢᠨ ᠨᠢᠮᠪᠠᠶ ᠪᠠᠶᠢᠴᠠᠭᠠᠯᠲᠠ ᠬᠢᠵᠦ᠂ ᠭᠠᠵᠠᠷ ᠰᠢᠷᠣᠶ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠦᠵᠡᠭᠳᠡᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠪᠡ᠃      ᠪᠥᠬᠦ ᠲᠠᠯ᠎ᠠ ᠶᠢᠨ ᠪᠠᠶᠢᠴᠠᠭᠠᠯᠲᠠ ᠪᠠᠷ ᠳᠡᠮᠵᠢᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠾᠧ ᠵᠢᠶᠣᠣ ᠳ᠋ᠦᠩ ᠯᠢᠶᠠᠩ ᠶᠠᠨ ᠠᠯᠲᠠᠨ ᠤ ᠠᠭᠤᠷᠬᠠᠢ ᠳᠤ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠭᠰᠡᠨ ᠪᠠᠶᠢᠳᠠᠯ ᠢᠯᠡᠷᠡᠭᠰᠡᠨ ᠦᠭᠡᠢ᠃ ᠲᠣᠰ ᠤᠳᠠᠭᠠᠨ ᠤ ᠪᠠᠶᠢᠴᠠᠭᠠᠯᠲᠠ ᠨᠢ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠵᠠᠷ ᠬᠡᠷᠡᠭᠯᠡᠬᠦ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠭᠠᠵᠠᠷ ᠬᠡᠷᠡᠭᠯᠡᠬᠦ ᠤᠬᠠᠮᠰᠠᠷ ᠢ ᠨᠡᠮᠡᠭᠳᠡᠭᠦᠯᠦᠭᠰᠡᠨ ᠪᠠᠶᠢᠨ᠎ᠠ᠃ ᠢᠷᠡᠭᠡᠳᠦᠢ ᠳᠤ᠂ ᠰᠢ ᠾᠧ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠡᠯ᠎ᠡ ᠲᠥᠷᠥᠯ ᠤᠨ ᠭᠠᠵᠠᠷ ᠬᠡᠷᠡᠭᠯᠡᠬᠦ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠷᠲᠡ ᠢᠯᠡᠷᠡᠭᠦᠯᠵᠦ᠂ ᠡᠷᠲᠡ ᠬᠤᠷᠢᠭᠯᠠᠨ ᠵᠣᠭᠰᠣᠭᠠᠵᠤ᠂ ᠡᠷᠲᠡ ᠰᠢᠢᠳᠪᠦᠷᠢᠯᠡᠵᠦ᠂ ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠰᠢ ᠾᠧ ᠰᠢᠶᠠᠩ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠭᠠᠵᠠᠷ ᠰᠢᠷᠣᠶ ᠶᠢᠨ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号