ᠴᠠᠰᠤ ᠮᠥᠰᠥ ᠶᠢ ᠠᠷᠢᠯᠭᠠᠨ ᠰᠢᠨ᠎ᠡ ᠴᠠᠭᠠᠨ ᠰᠠᠷ᠎ᠠ ᠪᠠᠨ ᠤᠭᠲᠤᠵᠤ᠂ ᠠᠮᠤᠷ ᠠᠮᠤᠭᠤᠯᠠᠩ ᠵᠣᠯ ᠵᠢᠷᠭᠠᠯᠲᠤ ᠬᠤᠲᠠ ᠶᠢ ᠬᠠᠮᠲᠤ ᠪᠠᠷ ᠴᠣᠭᠴᠠᠯᠠᠶ᠎ᠠ          —— ᠪᠦᠬᠦ ᠬᠤᠰᠢᠭᠤᠨ ᠤ ᠠᠷᠠᠳ ᠲᠦᠮᠡᠨ ᠳᠤ ᠥᠭᠭᠦᠭᠰᠡᠨ ᠰᠠᠨᠠᠭᠠᠴᠢᠯᠠᠭ᠎ᠠ ᠶᠢᠨ ᠪ᠊
ᠨᠡᠶᠢᠲᠡᠯᠡᠭᠰᠡᠨ ᠴᠠᠭ᠄
2025/1/26
      1 ᠰᠠᠷ᠎ᠠ ᠶᠢᠨ 25 ᠤ ᠡᠳᠦᠷ᠂ ᠮᠠᠨ ᠤ ᠬᠤᠰᠢᠭᠤ ᠨᠢᠭᠡ ᠤᠳᠠᠭᠠᠨ ᠤ ᠡᠷᠴᠢᠮ ᠢᠶᠠᠷ ᠴᠢᠩᠭ᠎ᠠ᠂ ᠴᠠᠭ ᠨᠢ ᠣᠷᠳᠣ ᠴᠠᠰᠤ ᠣᠷᠣᠬᠤ ᠶᠠᠪᠤᠴᠠ ᠶᠢ ᠤᠭᠲᠤᠨ ᠠᠪᠴᠢᠷᠠᠯ᠎ᠠ᠃ ᠴᠠᠭᠠᠨ ᠰᠠᠷ᠎ᠠ ᠶᠢᠨ ᠰᠡᠭᠦᠯᠴᠢ᠂ ᠴᠠᠰᠤ ᠯᠡᠪᠰᠠᠯᠵᠤ᠂ ᠮᠥᠩᠭᠦᠨ ᠴᠠᠭᠠᠨ ᠥᠩᠭᠡ ᠪᠠᠷ ᠴᠢᠮᠡᠯᠡᠭᠳᠡᠭᠰᠡᠨ ᠬᠤᠲᠠ ᠪᠠᠯᠭᠠᠰᠤ ᠨᠢ ᠥᠪᠡᠷᠮᠢᠴᠡ ᠤᠨᠴᠠᠯᠢᠭ ᠢᠶᠠᠨ ᠢᠯᠡᠷᠡᠭᠦᠯᠬᠦ ᠶᠢᠨ ᠬᠠᠮᠲᠤ᠂ ᠮᠥᠰᠥ ᠴᠠᠰᠤ ᠴᠤ ᠪᠢᠳᠡᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠵᠤ᠂ ᠴᠢᠨᠠᠭᠰᠢᠯᠠᠪᠠᠯ ᠠᠮᠤᠷ ᠲᠦᠪᠰᠢᠨ ᠤ ᠳᠠᠯᠳᠠ ᠭᠡᠮ ᠨᠢᠭᠤᠭᠳᠠᠬᠤ ᠪᠤᠯᠤᠨ᠎ᠠ᠃ ᠪᠥᠬᠦ ᠬᠤᠰᠢᠭᠤᠨ ᠤ ᠠᠷᠠᠳ ᠲᠦᠮᠡᠨ  ᠢ ᠠᠮᠤᠷ ᠲᠦᠪᠰᠢᠨ᠂ ᠴᠡᠪᠡᠷ ᠲᠡᠭᠰᠢ ᠣᠷᠴᠢᠨ ᠲᠣᠭᠤᠷᠢᠨ ᠳᠤ ᠪᠠᠶᠠᠷ ᠬᠥᠷ ᠲᠠᠢ ᠴᠠᠭᠠᠨ ᠰᠠᠷ᠎ᠠ  ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠥᠯᠭᠡ ᠶᠢᠨ ᠦᠢᠯᠡᠴᠢᠯᠡᠭᠡᠨ ᠤ ᠲᠥᠪ ᠪᠥᠬᠦ ᠬᠤᠰᠢᠭᠤᠨ ᠤ ᠠᠷᠠᠳ ᠲᠦᠮᠡᠨ ᠳᠤ ᠳᠣᠣᠷᠠᠬᠢ ᠮᠡᠳᠥ ᠰᠠᠨᠠᠭᠠᠴᠢᠯᠠᠭ᠎ᠠ ᠭᠠᠷᠭᠠᠪᠠ᠄      ᠨᠢᠭᠡ᠂ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠬᠤᠰᠢᠭᠤᠴᠢ ᠵᠢᠱᠢᠶᠡᠴᠢ ᠶᠢᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠬᠥᠳᠡᠯᠦᠯᠴᠡᠵᠦ᠂ ︽ᠪᠢ ᠪᠣᠯ ᠨᠠᠮ ᠤᠨ ᠭᠡᠰᠢᠭᠦᠨ · ᠪᠢ ᠲᠠᠨ ᠢ ᠬᠠᠪᠰᠤᠷᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠤᠰ ᠲᠤᠰ ᠤᠨ ᠠᠵᠢᠯᠯᠠᠬᠤ ᠲᠠᠯᠠᠪᠤᠷ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠮᠥᠰᠥ ᠴᠠᠰᠤ ᠶᠢ ᠠᠷᠢᠯᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃      ᠬᠤᠶᠠᠷ᠂ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠬᠠᠷᠢᠶ᠎ᠠ ᠣᠷᠣᠨ ᠤ ᠨᠠᠮ ᠤᠨ ᠭᠡᠰᠢᠭᠦᠨ ᠺᠠᠳ᠋ᠷ ᠪᠣᠯᠤᠨ ᠠᠷᠠᠳ ᠣᠯᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠵᠡᠭᠡᠯᠢ ᠭᠤᠳᠤᠮᠵᠢ ᠪᠣᠯᠤᠨ ᠰᠠᠭᠤᠭᠠᠯᠢ ᠠᠷᠠᠳ ᠤᠨ ᠲᠣᠭᠤᠷᠢᠭ ᠤᠨ ᠬᠤᠷᠠᠭᠰᠠᠨ ᠴᠠᠰᠤ ᠮᠥᠰᠥ ᠶᠢ ᠲᠦᠷᠭᠡᠬᠡᠨ ᠠᠷᠢᠯᠭᠠᠬᠤ ᠬᠡᠷᠡᠭᠲᠡᠶ᠃      ᠭᠤᠷᠪᠠ᠂ ᠵᠡᠭᠡᠯᠢ ᠳᠠᠭᠠᠤ ᠶᠢᠨ ᠡᠯ᠎ᠡ ᠬᠤᠳᠠᠯᠳᠤᠭᠠᠨ ᠤ ᠡᠷᠦᠬᠡ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠦᠳᠡᠨ ᠡᠮᠦᠨᠡᠬᠢ ᠬᠤᠷᠠᠭᠰᠠᠨ ᠴᠠᠰᠤ ᠮᠥᠰᠥ ᠶᠢ ᠰᠠᠨᠠᠭᠠᠴᠢᠯᠠᠭ᠎ᠠ ᠠᠴᠠ ᠪᠠᠨ ᠢᠳᠡᠪᠬᠢᠲᠡᠶ ᠠᠷᠢᠯᠭᠠᠬᠤ ᠬᠡᠷᠡᠭᠲᠡᠶ᠃      ᠲᠦᠷᠪᠡ᠂ ᠬᠠᠮᠢᠶ᠎ᠠ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠢᠳᠡᠪᠬᠢᠲᠡᠶ ᠪᠠᠷ ᠬᠥᠳᠡᠯᠦᠯᠴᠡᠵᠦ᠂ ᠵᠡᠭᠡᠯᠢ ᠭᠤᠳᠤᠮᠵᠢ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢᠨ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠳᠤ ᠢᠳᠡᠪᠬᠢᠲᠡᠶ ᠪᠠᠷ ᠣᠷᠣᠯᠴᠠᠬᠤ ᠬᠡᠷᠡᠭᠲᠡᠶ᠃      ᠲᠠᠪᠤ᠂ ᠡᠯ᠎ᠡ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︽ᠬᠤᠪᠢ ᠨᠡᠮᠡᠷᠢ ᠦᠵᠡᠭᠦᠯᠬᠦ᠂ ᠨᠥᠭᠦᠷᠰᠡᠭ ᠪᠠᠶᠢᠬᠤ᠂ ᠬᠠᠷᠢᠯᠴᠠᠨ  ᠬᠠᠪᠰᠤᠷᠤᠯᠴᠠᠬᠤ᠂ ᠤᠷᠤᠭᠰᠢᠯᠠᠨ ᠲᠠᠪᠰᠢᠬᠤ︾ ᠰᠠᠶᠢᠨ ᠳᠣᠷᠠᠴᠣᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠣᠷᠠᠴᠣᠳ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ᠂ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ︽ᠰᠠᠶᠢᠨ ᠳᠤᠷ᠎ᠠ ᠶᠢᠨ ᠴᠡᠴᠡᠭ︾ ᠢ ᠮᠥᠰᠥ ᠴᠠᠰᠤᠨ ᠤ ᠳᠤᠮᠳᠠ ᠳᠡᠯᠭᠡᠷᠡᠭᠦᠯᠬᠦ ᠬᠡᠷᠡᠭᠲᠡᠢ᠃     ᠵᠢᠷᠭᠤᠭ᠎ᠠ᠂ ᠮᠠᠰᠢᠨ‌‍ᠲ᠋ᠡᠷᠭᠡᠨ ᠤ ᠵᠢᠯᠣᠭᠤᠴᠢ ᠮᠥᠰᠥ ᠴᠠᠰᠤ ᠲᠠᠢ ᠵᠠᠮ ᠢᠶᠠᠷ ᠲᠡᠷᠭᠡ ᠵᠢᠯᠣᠭᠤᠳᠬᠤ ᠳᠠᠭᠠᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠤᠬᠠᠮᠰᠠᠷ ᠠᠴᠠ ᠪᠠᠨ ᠳᠠᠭᠠᠵᠤ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠰᠠᠬᠢᠵᠤ᠂ ᠪᠣᠯᠪᠠᠰᠤᠨ ᠢᠶᠠᠷ ᠲᠡᠷᠭᠡ ᠵᠢᠯᠣᠭᠤᠳᠴᠤ᠂ ᠰᠠᠨᠠᠭᠠᠴᠢᠯᠠᠭ᠎ᠠ ᠠᠴᠠ ᠪᠠᠨ ᠶᠠᠪᠠᠭᠠᠨ ᠬᠥᠮᠦᠨ ᠳᠤ ᠶᠣᠰᠣᠷᠬᠠᠭ ᠢᠶᠠᠷ ᠨᠠᠶᠢᠷ ᠲᠠᠯᠪᠢᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃     ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠡ᠂ ᠳᠠᠷᠬᠠᠨ ᠮᠤᠤᠮᠢᠩᠭᠠᠨ ᠪᠣᠯ ᠮᠠᠨ ᠤ ᠬᠠᠮᠳᠥ ᠶᠢᠨ ᠭᠡᠷ ᠤᠷᠤᠨ ᠮᠥᠨ᠂ ᠠᠮᠤᠷ ᠲᠦᠪᠰᠢᠨ ᠪᠣᠯᠪᠠᠰᠤᠨ ᠨᠢ ᠣᠯᠠᠨ ᠳᠤ ᠲᠦᠰᠢᠭᠯᠡᠵᠦ᠂ ᠲᠠᠨ ᠨᠠᠷ ᠮᠢᠨᠢ ᠬᠠᠶᠢᠷ᠎ᠠ ᠬᠠᠯᠠᠮᠵᠢ᠂ ᠦᠨᠡᠨᠴᠢ ᠰᠡᠳᠬᠢᠯ᠂ ᠰᠢᠷᠭᠠᠭᠤ ᠬᠠᠲᠠᠭᠤᠵᠢᠯᠲᠠᠢ ᠬᠦᠴᠦ ᠬᠥᠯᠥᠰᠥ ᠪᠠᠷ ᠢᠶᠠᠨ ᠠᠷᠢᠭᠤᠨ ᠴᠡᠪᠡᠷ᠂ ᠠᠮᠤᠷ ᠲᠦᠪᠰᠢᠨ ᠂ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠶᠢ ᠬᠥᠰᠡᠵᠥ᠂  ᠴᠠᠭᠠᠨ ᠰᠠᠷ᠎ᠠ ᠪᠠᠨ ᠤᠭᠲᠤᠬᠤ ᠭᠡᠵᠦ ᠪᠠᠶᠢᠭ᠎ᠠ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠪᠠᠨ ᠨᠡᠩ ᠭᠤᠶᠤ ᠦᠵᠡᠰᠭᠦᠯᠡᠩ᠂ ᠨᠡᠩ ᠬᠠᠯᠠᠭᠤᠨ ᠳᠤᠯᠠᠭᠠᠨ ᠪᠤᠯᠭᠠᠬᠤ ᠪᠠᠷ ᠴᠢᠷᠮᠠᠶᠢᠵᠠᠭᠠᠶ᠎ᠠ︕                ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠭᠡᠷ        ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠥᠯᠭᠡ ᠶᠢᠨ ᠦᠢᠯᠡᠴᠢᠯᠡᠭᠡᠨ ᠤ ᠲᠥᠪ        2025 ᠣᠨ ᠤ 1 ᠰᠠᠷ᠎ᠠ ᠶᠢᠨ 25 ᠤ ᠡᠳᠦᠷ
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号