ᠨᠡᠪᠲᠡ ᠦᠵᠡᠬᠦ — ᠰᠢᠨ᠎ᠡ ᠠᠶᠠᠨ ᠵᠠᠮ ᠢᠶᠠᠷ ᠡᠷᠡᠮᠡᠬᠡᠶᠢᠯᠡᠨ ᠤᠷᠤᠭᠰᠢᠯᠠᠵᠤ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨᠡᠮ
ᠨᠡᠶᠢᠲᠡᠯᠡᠭᠰᠡᠨ ᠴᠠᠭ᠄
2025/1/26
      ︽ᠨᠡᠪᠲᠡ ᠦᠵᠡᠬᠦ︾ ᠪᠣᠯ ᠨᠢᠭᠡ ᠵᠦᠢᠯ ᠤᠨ ᠲᠩᠷᠢ ᠭᠠᠵᠠᠷ ᠢ ᠡᠪᠦᠷᠯᠡᠭᠰᠡᠨ ᠥᠷᠭᠡᠨ ᠠᠭᠤᠳᠠᠮ ᠬᠠᠷᠠᠭᠠᠰᠤ ᠮᠥᠨ᠂ ᠲᠡᠷᠡ ᠨᠢ ᠪᠢᠳᠡᠨ ᠢ ᠬᠡᠰᠡᠭ ᠲᠠᠯ᠎ᠠ ᠶᠢᠨ ᠬᠠᠷᠠᠭ᠎ᠠ ᠠᠴᠠ ᠮᠤᠯᠲᠤᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠶᠡᠭᠡ ᠪᠠᠶᠢᠷᠢᠰᠢᠯ ᠤᠨ ᠳᠡᠭᠡᠷ᠎ᠡ ᠵᠣᠭᠰᠣᠵᠤ᠂ ᠬᠡᠷᠡᠭ ᠶᠠᠪᠤᠳᠠᠯ᠂ ᠦᠵᠡᠭᠳᠡᠯ ᠢ ᠬᠢᠨᠠᠨ ᠦᠵᠡᠬᠦ ᠬᠡᠷᠡᠭᠲᠡᠢ ᠭᠡᠵᠦ ᠱᠠᠭᠠᠷᠳᠠᠪᠠ᠃      ︽ᠨᠡᠪᠲᠡ ᠦᠵᠡᠬᠦ︾ ᠭᠡᠳᠡᠭ ᠨᠢ ᠮᠥᠨ ᠴᠦ ᠨᠢᠭᠡ ᠵᠦᠢᠯ ᠤᠨ ᠨᠠᠷᠢᠨ ᠠᠵᠢᠭᠯᠠᠯᠲᠠ ᠪᠠᠷ ᠨᠠᠷᠢᠨ ᠵᠦᠢᠯ ᠢ ᠬᠤᠷᠴᠠ ᠭᠢᠷᠠᠬᠠᠢ ᠬᠠᠷᠠᠴᠠ ᠪᠠᠷ ᠣᠯᠵᠤ᠂ ᠣᠶᠤᠨᠴᠢ ᠰᠡᠳᠬᠢᠬᠦᠢ ᠪᠠᠷ ᠮᠥᠨ ᠴᠢᠨᠠᠷ ᠢ ᠵᠠᠳᠠᠯᠤᠨ ᠰᠢᠨᠵᠢᠯᠡᠵᠦ᠂ ᠠᠮᠠᠷᠬᠠᠨ ᠣᠮᠲᠣᠭᠠᠶᠢᠯᠠᠭᠳᠠᠬᠤ ᠪᠣᠯᠪᠠᠴᠤ ᠲᠤᠶᠢᠯ ᠤᠨ ᠴᠢᠬᠤᠯᠠ ᠠᠭᠤᠯᠬᠤᠨ ᠢ ᠠᠭᠤᠳᠠᠯᠤᠨ ᠢᠯᠡᠷᠡᠭᠦᠯᠬᠦ ᠶᠢᠨ ᠲᠥᠯᠥᠭᠡ ᠶᠤᠮ᠃          ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭ ᠤᠨ ᠪᠠᠶᠢᠳᠠᠯ ᠤᠨ ᠦᠨᠡᠯᠡᠯᠲᠡ ᠶᠢᠨ ᠲᠤᠰᠬᠠᠢ ᠪᠤᠯᠤᠩ ᠭᠠᠷᠭᠠᠵᠤ᠂ ᠶᠡᠭᠡ ᠬᠠᠨᠳᠤᠰᠢ ᠶᠢ ᠠᠵᠢᠭᠯᠠᠨ᠂ ᠢᠷᠡᠭᠡᠳᠦᠢ ᠶᠢ ᠪᠠᠷᠠᠯᠠᠨ᠂ ᠪᠢᠳᠡ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠣᠯᠤᠨ᠎ᠠ᠃      ᠰᠢᠨ᠎ᠡ ᠵᠠᠮ ᠢ ᠳᠠᠪᠠᠨ ᠰᠢᠪᠲᠤᠯᠵᠤ᠂ ᠲᠡᠷᠢᠭᠦᠨ ᠤ ᠠᠮᠵᠢᠯᠲᠠ ᠪᠦᠲᠦᠮᠵᠢ ᠶᠢ ᠭᠠᠷᠭᠠᠨᠠᠮ᠃ ᠰᠠᠶ᠋ᠢᠬᠠᠨ ᠥᠨᠳᠥᠷᠯᠡᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠶᠠᠷ ᠬᠤᠷᠠᠯ ᠨᠢ ᠥᠩᠭᠡᠷᠡᠭᠰᠡᠨ ᠨᠢᠭᠡ ᠵᠢᠯ  ᠤᠨ ᠠᠵᠢᠯ ᠤᠨ ᠠᠮᠵᠢᠯᠲᠠ ᠶᠢ ᠡᠷᠭᠢᠴᠡᠭᠦᠯᠵᠦ᠂ ᠰᠢᠨ᠎ᠡ ᠨᠢᠭᠡ ᠵᠢᠯ ᠤᠨ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠵᠦ᠂ ᠦᠷᠭᠦᠯᠵᠢᠯᠡᠨ ᠲᠡᠮᠡᠴᠡᠬᠦ ᠬᠠᠩᠭᠢᠨᠠᠮ᠎ᠠ ᠪᠦᠷᠢᠶ᠎ᠡ ᠶᠢ ᠬᠠᠩᠭᠢᠨᠠᠭᠤᠯᠪᠠ᠃ ᠬᠥᠭᠵᠢᠯᠲᠡ ᠶᠢᠨ ᠠᠮᠵᠢᠯᠲᠠ ᠪᠦᠲᠦᠮᠵᠢ ᠶᠢ ᠡᠭᠦᠳᠬᠦ ᠳᠤ ᠦᠨᠡᠨ ᠬᠦ ᠠᠳᠬᠤᠵᠤ ᠪᠣᠳᠠᠲᠠᠶ ᠬᠢᠬᠦ ᠳᠤ ᠲᠦᠰᠢᠭᠯᠡᠨ᠂ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠣᠳᠠᠲᠠᠶ ᠠᠳᠬᠤᠵᠤ ᠬᠢᠵᠦ ᠪᠦᠲᠦᠭᠡᠬᠦ ᠶᠢ ᠡᠷᠬᠢᠮᠯᠡᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠦᠳᠲᠡᠷ ᠲᠦᠷᠭᠡᠨ ᠬᠥᠳᠡᠯᠦᠯᠴᠡᠵᠦ᠂ ᠪᠦᠯᠬᠦᠮᠳᠡᠨ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠰᠢᠨ᠎ᠡ ᠵᠠᠮ ᠢ ᠨᠡᠭᠡᠭᠡᠵᠦ᠂ ᠲᠡᠷᠢᠭᠦᠨ ᠤ ᠬᠢ ᠶᠢ ᠲᠡᠮᠡᠴᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠲᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠰᠠᠶᠢᠲᠤᠷ ᠪᠢᠴᠢᠭᠯᠡᠬᠦ ᠬᠡᠷᠡᠭᠲᠡᠶ︕      ᠶᠡᠭᠡ ᠶᠣᠰᠤ ᠬᠠᠮᠤᠭ ᠤᠨ ᠬᠢᠯᠪᠠᠷ᠂ ᠪᠣᠳᠠᠲᠠᠢ ᠬᠢᠬᠦ ᠪᠠᠷ ᠴᠢᠬᠤᠯᠠ ᠪᠣᠯᠭᠠᠮᠤᠢ︔ ᠶᠡᠭᠡ ᠵᠠᠮ ᠪᠢᠯᠡᠭᠦᠦ ᠮᠡᠲᠦ ᠲᠡᠭᠰᠢᠬᠡᠨ᠂ ᠴᠢᠷᠮᠠᠶᠢᠨ ᠲᠡᠮᠡᠴᠡᠪᠡᠯ ᠠᠮᠵᠢᠯᠲᠠ ᠳᠤ ᠬᠦᠷᠦᠮᠦᠢ᠃ 2024 ᠣᠨ ᠳᠤ᠂ ᠳᠠᠪᠬᠤᠷ ᠳᠠᠪᠬᠤᠷ ᠬᠦᠨᠳᠦ ᠳᠠᠷᠤᠯᠲᠠ ᠪᠠ ᠥᠷᠢᠰᠥᠯᠳᠦᠭᠡᠨ ᠤ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠢᠯᠡᠳᠲᠡ ᠠᠮᠵᠢᠯᠲᠠ ᠣᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠡᠷᠭᠡ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠨᠡᠮᠡᠭᠳᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃      ᠰᠢᠨ᠎ᠡ ᠡᠨᠧᠷᠭᠢ ᠶᠢᠨ ᠠᠵᠤ ᠦᠢᠯᠡᠰ ᠤᠨ ᠵᠠᠮ ᠲᠤᠷᠰᠢ ᠣᠮᠤᠭ ᠲᠡᠭᠦᠯᠳᠡᠷ ᠢᠶᠠᠷ ᠤᠷᠤᠭᠰᠢᠯᠠᠵᠤ᠂ ᠰᠢᠨ᠎ᠡ ᠪᠠᠷ ᠵᠥᠪᠰᠢᠶᠡᠷᠡᠭᠳᠡᠭᠰᠡᠨ ᠭᠦᠢᠴᠡᠳᠬᠡᠯ ᠲᠤᠭ᠎ᠠ᠂ ᠪᠠᠶᠢᠭᠤᠯᠵᠤ ᠪᠠᠶᠢᠭ᠎ᠠ ᠬᠡᠪᠴᠢᠶ᠎ᠡ ᠵᠢᠴᠢ ᠲᠣᠣᠷ ᠲᠤ ᠨᠡᠶᠢᠯᠡᠭᠦᠯᠬᠦ ᠬᠡᠪᠴᠢᠶ᠎ᠡ ᠦᠷᠭᠦᠯᠵᠢᠯᠡᠨ ᠥᠷᠭᠡᠳᠴᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠮᠡᠭᠳᠡᠯ ᠦᠷᠳᠡᠭ ᠨᠡᠮᠡᠭᠳᠡᠵᠦ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠣᠯᠤᠨ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠠᠶᠢᠭᠤᠯᠤᠭᠳᠠᠭᠰᠠᠨ ᠨᠢ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠲᠠᠷᠢᠶᠠᠯᠠᠩ ᠮᠠᠯ ᠠᠵᠤ ᠠᠬᠤᠶ ᠶᠢ ᠲᠣᠭᠲᠠᠭᠤᠨ ᠦᠢᠯᠡᠳᠪᠦᠷᠢᠯᠡᠯ ᠤᠨ ᠰᠠᠭᠤᠷᠢᠨ ᠳᠡᠭᠡᠷ᠎ᠡ ᠰᠢᠯᠢᠳᠡᠭᠵᠢᠭᠦᠯᠦᠨ ᠲᠠᠰ ᠳᠡᠪᠰᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠳᠤ ᠥᠩᠭᠡ ᠪᠤᠳᠤᠭ ᠨᠡᠮᠡᠷᠢᠯᠡᠵᠦ ᠂ ᠣᠨᠴᠠᠯᠢᠭᠲᠤ ᠠᠵᠢᠯᠯᠠᠭ᠎ᠠ ᠨᠢ ᠶᠡᠭᠡ ᠬᠡᠮᠵᠢᠶᠡᠨ ᠤ ᠠᠶᠠᠨᠴᠢᠳ ᠤᠨ ᠴᠤᠪᠤᠷᠠᠯ ᠢ ᠲᠠᠲᠠᠪᠠ᠃      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠨᠢ ᠴᠢᠨᠠᠷ ᠤᠨ ᠦᠰᠦᠷᠦᠯᠲᠡ ᠶᠢ ᠪᠡᠶᠡᠯᠡᠭᠦᠯᠵᠦ᠂ ᠠᠮᠢ ᠠᠬᠤᠢ ᠶᠢ ᠰᠡᠷᠭᠦᠭᠡᠬᠦ ᠪᠠ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠦᠷᠭᠦᠯᠵᠢᠯᠡᠬᠦᠶᠢᠴᠡ ᠬᠥᠭᠵᠢᠯᠲᠡ ᠳᠤ ᠠᠮᠢ ᠠᠬᠤᠢ ᠶᠢᠨ ᠰᠠᠭᠤᠷᠢ ᠶᠢ ᠪᠠᠬᠢᠵᠢᠭᠦᠯᠪᠡ᠃      ᠬᠤᠲᠠ ᠪᠠᠯᠭᠠᠰᠤ ᠶᠢ ᠰᠢᠨᠡᠳᠬᠡᠵᠦ ᠰᠠᠭᠤᠭᠠᠯᠢ ᠠᠷᠠᠳ ᠤᠨ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠨ ᠬᠥᠮᠦᠵᠢᠯ ᠡᠮᠴᠢᠯᠡᠭᠡ ᠰᠣᠶᠣᠯ ᠤᠨ ᠦᠢᠯᠡᠰ ᠪᠥᠬᠦ ᠲᠠᠯ᠎ᠠ ᠪᠠᠷ ᠳᠠᠪᠰᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃      2025 ᠣᠨ ᠳᠠᠬᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ 2025 ᠣᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠳᠡᠯᠭᠡᠬᠦ ᠬᠦᠴᠦᠨ ᠪᠣᠯᠭᠠᠬᠤ᠂ ᠪᠤᠬᠢᠷᠳᠤᠯ ᠦᠭᠡᠢ ᠶᠢ ᠡᠷᠴᠢᠮᠵᠢᠭᠦᠯᠬᠦ᠂ ᠰᠢᠨ᠎ᠡ ᠶᠢ ᠡᠭᠦᠳᠴᠦ ᠠᠰᠠᠭᠤᠳᠠᠯ ᠢ ᠰᠢᠪᠲᠤᠯᠬᠤ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ᠂ ︽ᠰᠢᠢᠳᠪᠦᠷᠢᠯᠡᠭᠳᠡᠬᠦᠢ ᠰᠡᠳᠬᠢᠬᠦᠶ︾ ᠶᠢ ᠪᠣᠶ ᠪᠣᠯᠭᠠᠬᠤ ᠪᠠᠨ ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠮᠢᠩᠭᠠᠨ ᠲᠦᠮᠡᠨ ᠺᠢᠯᠣᠸᠠᠲ ᠲᠡᠰ ᠤᠨ ᠰᠢᠨ᠎ᠡ ᠡᠨᠧᠷᠭᠢ  ᠶᠢᠨ ᠰᠠᠭᠤᠷᠢᠨ ᠭᠠᠵᠠᠷ᠂ ᠮᠢᠩᠭᠠᠨ ᠳ᠋ᠦᠩᠰᠢᠭᠤᠷ ᠲᠥᠭᠦᠷᠢᠭ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ᠂ ᠮᠢᠩᠭᠠᠨ ᠲᠦᠮᠡᠨ ᠲᠣᠨ ᠳᠡᠰ ᠤᠨ ᠠᠷᠠᠯᠵᠢᠶᠠᠨ ᠤ ᠪᠣᠭᠤᠮᠲᠠ ᠶᠢ ᠪᠦᠬᠦ ᠲᠠᠯ᠎ᠠ ᠪᠠᠷ ᠪᠠᠶᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠭᠠᠬᠤ ᠪᠠᠷ‌‍ᠴᠢᠷᠮᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃      ︽ᠵᠡᠭᠦᠳᠦ ᠬᠤᠯᠠ ᠪᠣᠯᠪᠠᠴᠤ ᠬᠥᠭᠡᠭᠡᠴᠡᠯᠳᠦᠪᠡᠯ ᠬᠦᠷᠴᠦ ᠳᠡᠶᠢᠯᠦᠮᠦᠢ︔ ᠬᠦᠰᠡᠯ ᠬᠦᠴᠢᠷ ᠪᠣᠯᠪᠠᠴᠤ ᠪᠠᠷᠢᠮᠲᠠᠯᠠᠪᠠᠯ ᠪᠡᠶᠡᠯᠡᠭᠦᠯᠵᠦ ᠪᠣᠯᠣᠮᠤᠢ︾᠃ ᠡᠨᠡ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠵᠢᠴᠢ ᠭᠤᠤᠯ ᠡᠭᠦᠷᠭᠡ ᠨᠢᠭᠡᠨᠲᠡ ᠲᠣᠳᠣᠷᠬᠠᠶ ᠪᠣᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠪᠣᠭᠤᠮᠲᠠ ᠰᠢᠪᠲᠤᠯᠤᠨ ᠪᠡᠷᠬᠡ ᠶᠢ ᠳᠠᠪᠠᠭ᠋ᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠢᠲᠡᠭᠡᠯ ᠵᠣᠷᠢᠭ ᠢ ᠢᠯᠡᠷᠡᠭᠦᠯᠵᠦ᠂ ᠬᠡᠳᠦᠶᠢᠪᠡᠷ ᠲᠣᠭᠲᠠᠭᠤᠨ ᠢᠶᠠᠷ ᠨᠡᠮᠡᠭᠳᠡᠭᠦᠯᠬᠦ᠂ ᠰᠢᠨ᠎ᠡ ᠬᠥᠳᠡᠯᠭᠡᠬᠦ ᠬᠦᠴᠦᠨ ᠢ ᠬᠥᠮᠦᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠯᠢ ᠣᠯᠠᠨ ᠬᠦᠴᠢᠷᠳᠡᠯ ᠳᠤ ᠲᠤᠯᠭᠠᠷᠠᠵᠤ ᠪᠠᠶᠢᠭ᠎ᠠ ᠪᠣᠯᠪᠠᠴᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠨᠢᠭᠡᠳᠴᠦ᠂ ᠵᠣᠷᠢᠭᠲᠠᠶ ᠪᠠᠷ ᠤᠷᠤᠭᠰᠢᠯᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠪᠡᠯ ᠯᠠᠪᠲᠠᠶ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠵᠤ ᠴᠢᠳᠠᠬᠤ ᠶᠤᠮ᠃      ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠲᠤᠯᠤᠭᠠᠨ ᠶᠡᠭᠡ ᠢᠨᠵᠧᠨᠧᠷᠢᠩ︾ ᠨᠢ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭᠠᠨ︾᠂ ᠪᠤᠭᠤᠲᠤ ᠬᠤᠲᠠ ᠶᠢᠨ ︽ᠲᠤᠯᠤᠭᠠᠨ ᠦᠷᠭᠦᠯᠵᠢᠯᠡᠨ ᠬᠦᠴᠦᠯᠡᠬᠦ︾ ᠱᠠᠭᠠᠷᠳᠠᠯᠭ᠎ᠠ ᠯᠤᠭ᠎ᠠ ᠤᠳᠤᠮ ᠤᠯᠠᠮᠵᠢᠯᠠᠯ ᠨᠢᠭᠡᠲᠡᠢ᠂ ᠲᠤᠯᠭᠠᠭᠤᠷᠢᠯᠠᠬᠤ ᠴᠢᠨᠠᠷ᠂ ᠬᠥᠲᠥᠯᠦᠨ ᠳᠠᠭᠠᠭᠤᠯᠬᠤ ᠴᠢᠨᠠᠷ᠂ ᠳᠠᠶᠢᠴᠢᠯᠠᠬᠤ ᠴᠢᠨᠠᠷ ᠤᠨ ᠦᠢᠯᠡᠳᠦᠯ ᠲᠠᠢ ᠪᠠᠶᠢᠵᠤ᠂ ᠡᠨᠡ ᠪᠣᠯ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠤᠨ᠎ᠠ᠂ ᠪᠢᠳᠡ ᠡᠷᠬᠡᠪᠰᠢ ᠪᠦᠲᠦᠭᠡᠯᠴᠢ ᠴᠢᠨᠠᠷᠲᠠᠶ ᠪᠠᠷ ᠠᠵᠢᠯ ᠢᠶᠠᠨ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃      ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠯᠤᠭ᠎ᠠ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠰᠢᠨ᠎ᠡ ᠵᠠᠮ ᠢ ᠨᠡᠭᠡᠭᠡᠵᠦ᠂ ᠲᠡᠷᠢᠭᠦᠨ ᠤ ᠬᠢ ᠶᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠲᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠶ᠎ᠡ ᠭᠡᠵᠦ ᠳᠤᠷᠠᠳᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号