ᠰᠢ ᠾᠧ ᠰᠢᠶᠠᠩ ᠤᠨ ︽ᠭᠤᠷᠪᠠᠨ ᠲᠠᠯ᠎ᠠ ᠪᠠᠷ ᠪᠠᠷᠢᠬᠤ︾  ᠪᠠᠷ ᠦᠨᠳᠦᠰᠦᠨ ᠱᠠᠲᠤᠨ ᠤ ᠰᠠᠭᠤᠷᠢ ᠵᠢᠵᠢᠭ ᠲᠣᠣᠷᠠᠯᠵᠢ ᠶᠢ ᠤᠷᠠᠨ ᠢᠶᠠᠷ ᠬᠡᠷᠡᠭᠯᠡᠵᠦ᠂ ᠨᠡᠶᠢᠭᠡᠮ ᠤᠨ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠪᠠ
ᠨᠡᠶᠢᠲᠡᠯᠡᠭᠰᠡᠨ ᠴᠠᠭ᠄
2025/1/26
      ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠰᠢᠶᠠᠩ ᠤᠨ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠠᠬᠢᠴᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠴᠢᠳᠠᠪᠤᠷᠢ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 2024 ᠣᠨ ᠳᠤ᠂ ᠰᠢ ᠾᠧ ᠰᠢᠶᠠᠩ ᠨᠢ ᠢᠳᠡᠪᠬᠢᠲᠡᠢ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ︽ᠭᠤᠷᠪᠠᠨ ᠲᠠᠯ᠎ᠠ ᠪᠠᠷ ᠪᠠᠷᠢᠬᠤ︾ ᠪᠠᠷ ᠳᠠᠮᠵᠢᠨ ᠦᠨᠳᠦᠰᠦᠨ ᠱᠠᠲᠤᠨ ᠤ ᠰᠠᠭᠤᠷᠢ ᠵᠢᠵᠢᠭ ᠲᠣᠣᠷᠠᠯᠵᠢ ᠶᠢ ᠤᠷᠠᠨ ᠢᠶᠠᠷ ᠬᠡᠷᠡᠭᠯᠡᠵᠦ᠂ ᠨᠡᠶᠢᠭᠡᠮ ᠤᠨ ᠵᠠᠰᠠᠯᠲᠠ ᠶᠢᠨ ᠶᠡᠭᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠨᠠᠷᠢᠯᠢᠬᠵᠢᠯᠲᠠ᠂ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠪᠦᠬᠦ ᠰᠢᠶᠠᠩ ᠤᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠠᠳᠬᠤᠵᠤ᠂ ᠲᠣᠣᠷᠠᠯᠵᠢ ᠶᠢᠨ ᠨᠢᠭᠡᠴᠢ ᠶᠢ ᠨᠢᠭᠲᠠ ᠪᠠᠶᠢᠭᠤᠯᠪᠠ      ᠰᠢ ᠾᠧ ᠰᠢᠶᠠᠩ ᠨᠢ ᠨᠠᠮ ᠤᠨ ᠪᠠᠶᠢᠭᠤᠯᠤᠯᠲᠠ ᠶᠢᠨ ᠠᠵᠢᠯ ᠢ ᠲᠣᠣᠷᠠᠯᠵᠢ ᠶᠢᠨ ᠵᠠᠰᠠᠯᠲᠠ ᠯᠤᠭ᠎ᠠ ᠭᠦᠨᠵᠡᠭᠡᠢ ᠠᠭᠤᠰᠤᠯᠴᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠢ ᠭᠦᠢᠴᠡᠳ ᠪᠠᠳᠠᠷᠠᠭᠤᠯᠪᠠ᠃      ᠪᠠᠶᠢᠭᠤᠯᠤᠭᠰᠠᠨ ᠪᠠᠶᠢᠯᠳᠤᠬᠤ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ᠃ ᠨᠢᠭᠡ ᠳᠤ᠂ ᠪᠦᠬᠦ ᠰᠢᠶᠠᠩ ᠤᠨ ᠬᠡᠪᠴᠢᠶᠡᠨ ᠳᠤ ᠲᠣᠣᠷᠠᠯᠵᠢ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ 1 ᠨᠢᠭᠡᠳᠦᠭᠡᠷ ᠳᠡᠰ ᠤᠨ ᠲᠣᠣᠷᠠᠯᠵᠢ᠂ 8 ᠬᠤᠶᠠᠳᠤᠭᠠᠷ ᠳᠡᠰ ᠤᠨ ᠲᠣᠣᠷᠠᠯᠵᠢ ᠶᠢ ᠵᠠᠭᠠᠭᠯᠠᠨ ᠲᠣᠭᠲᠠᠭᠠᠵᠤ᠂ ᠨᠡᠶᠢᠳᠡ 121 ᠲᠣᠣᠷᠠᠯᠵᠢ ᠶᠢᠨ ᠠᠵᠢᠯᠲᠠᠨ ᠢ ᠬᠥᠭᠵᠢᠭᠦᠯᠵᠦ᠂ ᠲᠣᠣᠷᠠᠯᠵᠢ ᠶᠢᠨ ᠠᠵᠢᠯ ᠢ ᠡᠭᠦᠷᠭᠡᠯᠡᠵᠦ᠂ ᠲᠣᠣᠷᠠᠯᠵᠢ ᠨᠢᠭᠡ ᠪᠦᠷᠢ ᠳᠤ ᠨᠠᠮ ᠤᠨ ᠳᠤᠭᠤᠶᠢᠯᠠᠩ ᠪᠠᠶᠢᠭᠤᠯᠵᠤ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠠᠵᠢᠯ ᠤᠨ ᠴᠢᠳᠠᠪᠤᠷᠢ ᠪᠠᠷ ᠴᠢᠩᠭ᠎ᠠ ᠨᠠᠮ ᠤᠨ ᠭᠡᠰᠢᠭᠦᠨ ᠢ ᠰᠢᠯᠢᠨ ᠳᠡᠪᠰᠢᠭᠦᠯᠵᠦ ᠲᠣᠣᠷᠠᠯᠵᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠪᠡ᠃ ᠬᠤᠶᠠᠷ ᠲᠤ᠂ ᠲᠣᠣᠷᠠᠯᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠠᠵᠢᠯ ᠤᠨ ᠲᠣᠣᠷᠠᠯᠵᠢ ᠶᠢ ᠨᠡᠶᠢᠳᠡᠮ ᠪᠦᠷᠬᠦᠬᠦ ᠶᠢ ᠪᠡᠶᠡᠯᠡᠭᠦᠯᠵᠦ᠂ ᠳᠤᠮᠳᠠᠬᠢ ᠭᠤᠭᠴᠤᠭ᠎ᠠ ᠶᠢ ᠪᠦᠲᠦᠮᠵᠢᠲᠡᠢ ᠪᠠᠭᠠᠰᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠴᠠᠭ ᠲᠤᠬᠠᠢ ᠳᠤ ᠨᠢ᠂ ᠣᠨᠣᠪᠴᠢᠲᠠᠢ ᠪᠠᠷ ᠦᠨᠳᠦᠰᠦᠨ ᠱᠠᠲᠤᠨ ᠤ ᠦᠵᠦᠭᠦᠷ ᠲᠤ ᠳᠠᠮᠵᠢᠭᠳᠠᠨ ᠬᠦᠷᠬᠦ ᠶᠢ ᠪᠠᠲᠤᠯᠠᠪᠠ᠃ ᠭᠤᠷᠪᠠ ᠳᠤ᠂ ︽ᠨᠠᠮ ᠤᠨ ᠭᠡᠰᠢᠭᠦᠨ ᠲᠣᠣᠷᠠᠯᠵᠢ ᠳᠤ ᠣᠷᠣᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ  ᠲᠣᠣᠷᠠᠯᠵᠢ ᠳᠤ ᠪᠠᠭᠤᠯᠭᠠᠵᠤ᠂ ᠪᠡᠶ᠎ᠡ ᠭᠠᠷᠤᠯ ᠢ ᠨᠢ ᠢᠯᠡ ᠪᠣᠯᠭᠠᠵᠤ᠂ ᠠᠮᠠᠯᠠᠯᠲᠠ ᠬᠢᠯᠭᠡᠵᠦ᠂ ᠬᠤᠰᠢᠭᠤᠴᠢ ᠪᠣᠯᠭᠠᠪᠠ᠃ ᠨᠠᠮ ᠤᠨ ᠭᠡᠰᠢᠭᠦᠳ ᠲᠦᠷᠦ ᠶᠢᠨ ᠪᠤᠳᠤᠯᠭ᠎ᠠ ᠶᠢ ᠤᠬᠠᠭᠤᠯᠬᠤ᠂ ᠠᠷᠠᠳ ᠤᠨ ᠰᠠᠨᠠᠭ᠎ᠠ ᠶᠢ ᠴᠤᠭᠯᠠᠭᠤᠯᠬᠤ᠂ ᠵᠥᠷᠢᠴᠡᠯ ᠢ ᠡᠶᠡᠳᠡᠭᠦᠯᠬᠦ ᠵᠡᠷᠭᠡ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠯᠠᠨ ᠲᠦᠮᠡᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ ᠥᠭᠪᠡ᠃ ᠲᠤᠰ ᠵᠢᠯ ᠤᠨ ᠡᠯ᠎ᠡ ᠵᠦᠢᠯ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠳᠤᠮᠳᠠ᠂ ᠲᠣᠣᠷᠠᠯᠵᠢ ᠶᠢᠨ ᠠᠵᠢᠯᠲᠠᠳ ᠠᠵᠢᠯᠴᠢ ᠬᠢᠴᠢᠶᠡᠩᠭᠦᠢ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠡᠯ᠎ᠡ ᠵᠦᠢᠯ ᠤᠨ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠯ᠎ᠡ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠤᠯᠠᠨ ᠲᠦᠮᠡᠨ ᠢ ᠦᠨᠡᠨ ᠬᠦ ᠰᠡᠳᠬᠢᠯ ᠬᠠᠨᠤᠮᠵᠢᠲᠠᠢ ᠪᠣᠯᠭᠠᠵᠤ᠂ ᠨᠠᠮ ᠤᠨ ᠲᠤᠭ ᠢ ᠦᠨᠳᠦᠰᠦᠨ ᠱᠠᠲᠤᠨ ᠤ ᠲᠣᠣᠷᠠᠯᠵᠢ ᠳᠤ ᠥᠨᠳᠥᠷ ᠨᠠᠮᠢᠷᠠᠭᠤᠯᠪᠠ᠃      ᠬᠤᠶᠠᠷ ᠲᠤ᠂ ᠲᠣᠭᠲᠠᠴᠠ ᠶᠢ ᠨᠠᠷᠢᠯᠢᠭᠵᠢᠭᠤᠯᠵᠤ᠂ ᠨᠢᠭᠡ ᠴᠣᠭᠴᠠᠵᠢᠭᠰᠠᠨ ᠲᠠᠪᠴᠠᠩ ᠢ ᠪᠠᠶᠢᠭᠤᠯᠪᠠ      ᠲᠣᠣᠷᠠᠯᠵᠢ ᠶᠢᠨ ᠵᠠᠰᠠᠯᠲᠠ ᠶᠢᠨ ᠦᠷ᠎ᠡ ᠪᠦᠲᠦᠮᠵᠢ ᠪᠣᠯᠤᠨ ᠬᠠᠮᠵᠢᠯᠴᠠᠬᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠢ ᠾᠧ ᠰᠢᠶᠠᠩ ᠨᠢ ᠠᠵᠢᠯ ᠤᠨ ᠲᠣᠭᠲᠠᠴᠠ ᠪᠠᠨ ᠬᠦᠴᠦᠯᠡᠨ ᠨᠠᠷᠢᠯᠢᠬᠵᠢᠭᠤᠯᠵᠤ᠂ ᠨᠢᠭᠡ ᠴᠤᠬᠴᠠᠵᠢᠭᠤᠯᠤᠬᠰᠠᠨ ᠨᠡᠶᠢᠭᠡᠮ ᠤᠨ ᠵᠠᠰᠠᠯᠲᠠ ᠶᠢᠨ ᠲᠠᠪᠴᠠᠩ ᠢ ᠪᠠᠶᠢᠭᠤᠯᠪᠠ᠃ ᠨᠢᠭᠡ ᠳᠤ᠂ ᠲᠣᠣᠷᠠᠯᠵᠢ ᠶᠢᠨ ᠵᠦᠢᠯᠡᠰ ᠢ ᠵᠥᠪᠰᠢᠶᠡᠷᠡᠨ ᠣᠷᠣᠭᠤᠯᠬᠤ ᠲᠦᠷᠢᠮ ᠢ ᠪᠠᠶᠢᠭᠤᠯᠵᠤ᠂ ᠲᠣᠣᠷᠠᠯᠵᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠤᠴᠢᠷ ᠶᠠᠪᠤᠳᠠᠯ ᠤᠨ ᠨᠠᠷᠢᠨ ᠲᠠᠩᠰᠠ ᠶᠢ ᠲᠣᠳᠣᠷᠬᠠᠶᠢᠯᠠᠵᠤ᠂ ᠲᠣᠣᠷᠠᠯᠵᠢ ᠶᠢᠨ ᠠᠵᠢᠯ ᠤᠨ ᠳᠤᠷ᠎ᠠ ᠶᠢᠨ ᠴᠢᠨᠠᠷ ᠪᠠ ᠤᠯᠠᠨ ᠲᠠᠯ᠎ᠠ ᠠᠴᠠ ᠬᠠᠮᠢᠶᠠᠷᠬᠤ ᠠᠴᠠ ᠵᠠᠶᠢᠯᠠᠰᠬᠢᠵᠦ᠂ ᠲᠣᠣᠷᠠᠯᠵᠢ ᠶᠢᠨ ᠠᠵᠢᠯᠳᠠᠨ ᠤ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠰᠠᠶᠢᠲᠤᠷ ᠬᠢᠬᠦ ᠶᠢ ᠪᠠᠲᠤᠯᠠᠪᠠ᠃ ᠬᠤᠶᠠᠷ ᠲᠤ᠂  ᠲᠣᠣᠷᠠᠯᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠡᠷᠭᠢᠯᠳᠦᠭᠦᠯᠬᠦ᠂ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠣᠣᠷᠠᠯᠵᠢ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠦᠯᠵᠢᠶᠡᠨ ᠠᠴᠠ ᠭᠠᠳᠠᠭᠤᠷ ᠰᠢ ᠾᠧ ᠰᠢᠶᠠᠩ ᠤᠨ ᠶᠡᠷᠦᠩᠬᠡᠶᠢᠯᠡᠨ ᠵᠠᠰᠠᠬᠤ ᠲᠥᠪ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠵᠡᠷᠭᠡ ᠪᠣᠳᠠᠲᠤ ᠴᠣᠭᠴᠠᠲᠤ ᠲᠠᠯᠠᠪᠤᠷ ᠲᠤ ᠲᠦᠰᠢᠭᠯᠡᠨ ᠡᠯ᠎ᠡ ᠵᠦᠢᠯ ᠤᠨ ᠠᠵᠢᠯ ᠢ ᠥᠷᠨᠢᠭᠦᠯᠵᠦ᠂ ᠰᠦᠯᠵᠢᠶᠡᠨ ᠳᠡᠭᠡᠷ᠎ᠡ ᠲᠣᠣᠷᠠᠯᠵᠢ ᠶᠢᠨ ᠸᠢᠴᠠᠲ ᠬᠤᠯᠪᠣᠭ᠎ᠠ ᠪᠠᠶᠢᠭᠤᠯᠬᠤ ᠵᠡᠷᠭᠡ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠠ ᠲᠣᠭᠠᠴᠢᠯᠲᠠ ᠭᠤᠶᠤᠴᠢᠯᠠᠯ ᠢ ᠥᠷᠭᠡᠨ ᠢᠶᠠᠷ ᠴᠤᠭᠯᠠᠭᠤᠯᠪᠠ᠃ ᠡᠩ ᠤᠨ ᠴᠢᠨᠠᠷᠲᠠᠶ ᠠᠰᠠᠭᠤᠳᠠᠯ ᠢ ᠲᠣᠣᠷᠠᠯᠵᠢ ᠶᠢᠨ ᠠᠵᠢᠯᠲᠠᠨ ᠲᠤᠬᠠᠶ ᠶᠢᠨ ᠲᠠᠯᠠᠪᠤᠷ ᠲᠤ ᠨᠢ ᠰᠢᠢᠳᠪᠦᠷᠢᠯᠡᠨ᠎ᠡ︔ ᠨᠡᠯᠢᠶᠡᠳ ᠪᠤᠳᠤᠯᠢᠶᠠᠨᠲᠠᠶ ᠠᠰᠠᠭᠤᠳᠠᠯ ᠢ ᠴᠠᠭ ᠲᠤᠬᠠᠶ ᠳᠤ ᠨᠢ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠲᠤ ᠮᠡᠳᠡᠭᠦᠯᠵᠦ᠂ ᠨᠢᠭᠡᠳᠦᠯᠲᠡᠶ ᠰᠠᠯᠭᠠᠵᠤ᠂ ᠲᠤᠰᠢᠶᠠᠨ ᠰᠢᠢᠳᠪᠦᠷᠢᠯᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠠᠨ ᠲᠣᠭᠲᠠᠭᠰᠠᠨ ᠬᠤᠭᠤᠴᠠᠭᠠᠨ ᠤ ᠶᠣᠰᠣᠭᠠᠷ ᠰᠢᠢᠳᠪᠦᠷᠢᠯᠡᠬᠦ ᠪᠠ ᠬᠠᠷᠢᠭᠤ ᠲᠤᠰᠬᠠᠨ᠎ᠠ᠃      ᠭᠤᠷᠪᠠ ᠳᠤ᠂ ᠡᠩᠨᠡᠭᠡᠨ ᠤ ᠪᠠᠶᠢᠭᠤᠯᠤᠯᠲᠠ ᠶᠢ ᠠᠳᠬᠤᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ          ᠰᠢ ᠾᠧ ᠰᠢᠶᠠᠩ ᠨᠢ ᠲᠣᠣᠷᠠᠯᠵᠢ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠲᠣᠣᠷᠠᠯᠵᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠨᠢᠭᠡ ᠳᠤ᠂ ᠲᠣᠣᠷᠠᠯᠵᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ ᠳᠠᠮᠵᠢᠭᠤᠯᠤᠨ᠂ ᠪᠠᠭᠰᠢ ᠶᠢᠨ ᠲᠤᠰᠬᠠᠢ ᠮᠡᠷᠭᠡᠵᠢᠯᠲᠡᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠥᠮᠥᠰ ᠢ ᠤᠷᠢᠵᠤ ᠰᠦᠯᠵᠢᠶᠡᠨ ᠳᠡᠭᠡᠷᠡᠬᠢ ᠪᠤᠶᠤ ᠰᠦᠯᠵᠢᠶᠡᠨ ᠠᠴᠠ ᠭᠠᠳᠠᠭᠤᠷᠬᠢ ᠬᠢᠴᠢᠶᠡᠯ ᠣᠷᠣᠭᠤᠯᠵᠤ᠂ ᠪᠣᠯᠪᠠᠰᠤᠷᠠᠯ ᠤᠨ ᠠᠭᠤᠯᠭ᠎ᠠ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠵᠥᠷᠢᠴᠡᠯ ᠢ ᠡᠶᠡᠳᠡᠭᠦᠯᠬᠦ ᠤᠷ᠎ᠠ ᠮᠡᠷᠭᠡᠰᠢᠯ᠂ ᠮᠡᠳᠡᠭᠡ ᠵᠠᠩᠬᠢᠴᠢᠯᠠᠯᠲᠠ ᠶᠢᠨ ᠬᠡᠷᠡᠭᠯᠡᠯᠲᠡ ᠵᠡᠷᠭᠡ ᠲᠠᠯ᠎ᠠ ᠶᠢ ᠬᠠᠮᠤᠷᠴᠤ᠂ ᠲᠣᠣᠷᠠᠯᠵᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠬᠤᠶᠠᠷ ᠲᠤ᠂ ᠲᠣᠣᠷᠠᠯᠵᠢ ᠶᠢᠨ ᠠᠵᠢᠯᠲᠠᠨ ᠤ ᠡᠩᠨᠡᠭᠡ ᠶᠢᠨ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠲᠣᠣᠷᠠᠯᠵᠢ ᠶᠢᠨ ᠠᠵᠢᠯᠲᠠᠳ ᠢ ᠵᠣᠬᠢᠶᠠᠨ ᠪᠠᠶᠢᠭᠤᠯᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯ ᠠᠵᠢᠯ ᠳᠤ ᠣᠷᠣᠯᠴᠠᠭᠤᠯᠬᠤ ᠪᠠᠷ ᠳᠠᠮᠵᠢᠭᠤᠯᠵᠤ᠂ ᠲᠡᠳᠡᠨ ᠢ ᠦᠢᠯᠡᠳᠦᠯᠭᠡ ᠶᠢᠨ ᠳᠤᠮᠳᠠ ᠲᠤᠷᠰᠢᠯᠭ᠎ᠠ ᠬᠤᠷᠠᠮᠳᠤᠭᠤᠯᠵᠤ᠂ ᠡᠷᠳᠡᠮ ᠴᠢᠳᠠᠪᠤᠷᠢ ᠶᠢ ᠨᠢ ᠨᠡᠮᠡᠭᠳᠡᠭᠦᠯᠪᠡ᠃ ᠭᠤᠷᠪᠠ ᠳᠤ᠂ ᠲᠣᠣᠷᠠᠯᠵᠢ ᠶᠢᠨ ᠠᠵᠢᠯ ᠤᠨ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠣᠷᠠᠯᠵᠢ ᠶᠢᠨ ᠠᠵᠢᠯᠲᠠᠳ ᠢ ᠵᠣᠬᠢᠶᠠᠨ ᠪᠠᠶᠢᠭᠤᠯᠤᠨ ᠬᠠᠷᠢᠯᠴᠠᠨ ᠰᠤᠷᠤᠯᠴᠠᠭᠤᠯᠵᠤ᠂ ᠬᠠᠷᠢᠯᠴᠠᠨ ᠲᠤᠯᠢ ᠪᠣᠯᠭᠠᠵᠤ᠂ ᠲᠣᠣᠷᠠᠯᠵᠢ ᠶᠢᠨ ᠵᠠᠰᠠᠯᠲᠠ ᠶᠢᠨ ᠠᠵᠢᠯ ᠤᠨ ᠬᠢᠷᠢ ᠲᠦᠪᠰᠢᠨ ᠢ ᠬᠠᠮᠲᠤ ᠪᠠᠷ ᠳᠡᠭᠡᠭᠰᠢᠯᠡᠭᠦᠯᠪᠡ᠃ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢ ᠾᠧ ᠰᠢᠶᠠᠩ ᠨᠢ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠲᠣᠣᠷᠠᠯᠵᠢ ᠶᠢᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠬᠤ ᠳᠤ ᠬᠦᠴᠦᠲᠡᠶ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ︽ᠭᠤᠷᠪᠠᠨ ᠲᠠᠯ᠎ᠠ ᠪᠠᠷ ᠪᠠᠷᠢᠬᠤ︾ ᠪᠠᠷ ᠳᠠᠮᠵᠢᠭᠤᠯᠤᠨ ᠦᠨᠳᠦᠰᠦᠨ ᠱᠠᠲᠤᠨ ᠤ ᠰᠠᠭᠤᠷᠢ ᠵᠢᠵᠢᠭ ᠲᠣᠣᠷᠠᠯᠵᠢ ᠶᠢ ᠤᠷᠠᠨ ᠢᠶᠠᠷ ᠬᠡᠷᠡᠭᠯᠡᠵᠦ᠂ ᠰᠢ ᠾᠧ ᠰᠢᠶᠠᠩ ᠨᠢ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ  ᠶᠢ ᠪᠠᠲᠤᠯᠠᠪᠠ᠃ ᠬᠤᠶᠢᠰᠢᠳᠠ ᠶᠢᠨ ᠠᠵᠢᠯ ᠤᠨ ᠳᠤᠮᠳᠠ᠂ ᠰᠢ ᠾᠧ ᠰᠢᠶᠠᠩ ᠨᠢ ᠲᠣᠣᠷᠠᠯᠵᠢ ᠶᠢᠨ ᠵᠠᠰᠠᠯᠲᠠ ᠶᠢᠨ ᠬᠡᠪ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠤᠯᠠᠨ ᠲᠦᠮᠡᠨ ᠳᠤ ᠨᠡᠩ ᠠᠮᠤᠷ ᠲᠦᠪᠰᠢᠨ᠂ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ ᠥᠭᠬᠦ ᠪᠠᠷ ᠪᠣᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号