ᠡᠪᠦᠯ ᠤᠨ ᠤᠯᠠᠷᠢᠯ ᠳᠤ ᠲᠠᠬᠢᠶᠠᠨ ᠤ ᠡᠭᠦᠷ ᠲᠠᠬᠢ ᠬᠤᠣᠷ ᠲᠠᠢ ᠬᠡᠢ ᠶᠢ ᠬᠡᠷᠬᠢᠨ ᠠᠷᠢᠯᠭᠠᠬᠤ ᠪᠤᠢ︖
ᠨᠡᠶᠢᠲᠡᠯᠡᠭᠰᠡᠨ ᠴᠠᠭ᠄
2025/1/27
      ᠡᠪᠦᠯ ᠤᠨ ᠤᠯᠠᠷᠢᠯ ᠳᠤ ᠳᠤᠯᠠᠭᠠᠨ ᠢ ᠬᠠᠮᠠᠭᠠᠯᠠᠵᠤ ᠳᠤᠯᠠᠭᠠᠨ ᠢ ᠳᠡᠭᠡᠭᠰᠢᠯᠡᠭᠦᠯᠬᠦ ᠵᠡᠷᠭᠡ ᠠᠰᠠᠭᠤᠳᠠᠯ ᠢ ᠪᠣᠳᠣᠯᠬᠢᠯᠠᠭᠰᠠᠨ ᠠᠴᠠ ᠪᠣᠯᠵᠤ ᠲᠠᠬᠢᠶᠠᠨ ᠤ ᠡᠭᠦᠷ ᠲᠤ ᠡᠯ᠎ᠡ ᠵᠦᠢᠯ ᠤᠨ ᠬᠤᠣᠷᠲᠤ ᠬᠡᠢ ᠪᠡᠶᠡᠲᠦ ᠨᠡᠩ ᠠᠮᠠᠷᠬᠠᠨ ᠡᠭᠦᠰᠳᠡᠭ᠃ ᠬᠤᠣᠷᠲᠤ ᠬᠡᠢ ᠪᠡᠶᠡᠲᠦ ᠠᠷᠪᠢᠨ ᠪᠣᠯ ᠲᠠᠬᠢᠶᠠᠨ ᠤ ᠰᠦᠷᠦᠭ ᠤᠨ ᠡᠷᠡᠭᠦᠯ ᠮᠡᠨᠳᠦ ᠳᠤ ᠮᠠᠰᠢ ᠶᠡᠭᠡ ᠰᠦᠷᠳᠡᠭᠦᠯᠦᠯ ᠪᠣᠯᠳᠠᠭ᠂ ᠲᠡᠭᠡᠪᠡᠯ ᠲᠠᠬᠢᠶ᠎ᠠ ᠲᠡᠵᠢᠭᠡᠳᠡᠭ ᠡᠷᠦᠬᠡ ᠲᠠᠬᠢᠶᠠᠨ ᠤ ᠡᠭᠦᠷ ᠲᠠᠬᠢ ᠬᠤᠣᠷᠲᠤ ᠬᠡᠢ ᠪᠡᠶᠡᠲᠦ ᠶᠢ ᠬᠡᠷᠬᠢᠨ ᠪᠦᠲᠦᠮᠵᠢᠲᠡᠶ ᠠᠷᠢᠯᠭᠠᠪᠠᠯ ᠵᠣᠬᠢᠬᠤ ᠪᠣᠶ︖       ᠪᠣᠷᠳᠤᠭ᠎ᠠ ᠠᠴᠠ ᠭᠠᠷᠳᠠᠨ᠎ᠠ᠃ ᠲᠠᠬᠢᠶᠠᠨ ᠤ ᠡᠭᠦᠷ ᠲᠠᠬᠢ ᠬᠠᠮᠤᠭ ᠤᠨ ᠴᠢᠬᠤᠯᠠ ᠬᠤᠣᠷᠲᠤ ᠬᠡᠢ ᠪᠡᠶᠡᠲᠦ ᠶᠢᠨ ᠨᠢᠭᠡ ᠨᠢ ᠳᠠᠷᠤᠢ ᠰᠢᠪᠲᠦᠷ ᠤᠨ ᠬᠡᠢ ᠪᠣᠯᠣᠨ᠎ᠠ᠂ ᠰᠢᠪᠲᠦᠷ ᠤᠨ ᠬᠡᠢ ᠨᠢ ᠶᠡᠷᠦ ᠳᠡᠭᠡᠨ ᠲᠠᠬᠢᠶᠠᠨ ᠤ ᠪᠠᠭᠠᠰᠤᠨ ᠳᠠᠬᠢ ᠵᠠᠳᠠᠷᠠᠭ᠎ᠠ ᠦᠭᠡᠢ ᠰᠢᠮ᠎ᠡ ᠲᠡᠵᠢᠭᠡᠯ ᠤᠨ ᠪᠣᠳᠠᠰ ᠠᠴᠠ ᠢᠷᠡᠳᠡᠭ᠂ ᠣᠨᠴᠠᠭᠠᠶᠢᠯᠠᠨ ᠤᠭᠤᠷᠠᠭ ᠠᠴᠠ ᠢᠷᠡᠳᠡᠭ᠃ ᠡᠶᠢᠮᠦ ᠠᠴᠠ ᠲᠡᠵᠢᠭᠡᠯ ᠪᠣᠷᠳᠣᠭᠠᠨ ᠳᠤ ᠠᠰᠢᠭᠲᠤ ᠪᠠᠺᠲ᠋ᠧᠷᠢ ᠶᠢᠨ ᠲᠦᠷᠦᠯ ᠤᠨ ᠨᠡᠮᠡᠯᠲᠡ ᠡᠳ᠋ ᠢ ᠨᠡᠮᠡᠪᠡᠯ᠂ ᠲᠠᠬᠢᠶᠠᠨ ᠤ ᠭᠡᠳᠡᠰᠦᠨ ᠤ ᠤᠭᠤᠷᠠᠭ ᠢ ᠰᠢᠩᠭᠡᠬᠡᠨ ᠠᠪᠬᠤ ᠠᠰᠢᠭᠯᠠᠮᠵᠢ ᠶᠢ ᠳᠡᠭᠡᠭᠰᠢᠯᠡᠭᠦᠯᠵᠦ᠂ ᠲᠡᠵᠢᠭᠡᠯ ᠪᠣᠷᠳᠤᠭ᠎ᠠ ᠶᠢ ᠠᠷᠪᠢᠯᠠᠬᠤ ᠪᠠᠷ ᠪᠠᠷᠠᠬᠤ ᠦᠭᠡᠢ ᠪᠠᠰᠠ ᠰᠢᠪᠲᠦᠷ ᠤᠨ ᠬᠡᠢ ᠵᠢᠴᠢ ᠪᠤᠰᠤᠳ ᠬᠤᠣᠷᠲᠤ ᠬᠡᠢ ᠪᠡᠶᠡᠲᠦ ︵ ᠵᠢᠱᠢᠶᠡᠯᠡᠪᠡᠯ ᠬᠦᠬᠦᠷᠲᠦ ᠤᠰᠤᠲᠥ᠋ᠷᠥᠭᠴᠢ︶ ᠶᠢᠨ ᠡᠭᠦᠰᠬᠦ ᠶᠢ ᠪᠠᠭᠠᠰᠬᠠᠳᠠᠭ᠃       ᠰᠤᠷᠤᠨᠠᠭᠤᠯᠤᠯ ᠡᠳ᠋ ᠢ ᠬᠡᠷᠡᠭᠯᠡᠨ᠎ᠡ᠃ ᠮᠣᠳᠣᠨ ᠨᠡᠭᠦᠷᠡᠰᠦ᠂ ᠨᠡᠭᠦᠷᠡᠰᠦᠨ ᠤ ᠰᠢᠭᠠᠷᠤ᠂ ᠲᠦᠭᠦᠬᠡᠢ ᠴᠣᠬᠤᠢ ᠮᠡᠲᠦ ᠶᠢᠨ ᠪᠣᠳᠠᠰ ᠨᠢ ᠠᠭᠠᠷ ᠳᠣᠲᠣᠷᠠᠬᠢ ᠦᠮᠡᠬᠡᠢ ᠦᠨᠦᠷ ᠢ ᠮᠠᠰᠢ ᠰᠠᠶᠢᠨ ᠰᠣᠷᠣᠨ ᠨᠠᠭᠠᠯᠳᠤᠭᠤᠯᠬᠤ ᠦᠢᠯᠡᠳᠦᠯ ᠲᠠᠢ᠃ ᠡᠳᠡᠭᠡᠷ ᠶᠠᠭᠤᠮ᠎ᠠ ᠶᠢ ᠲᠠᠬᠢᠶᠠᠨ ᠤ ᠡᠭᠦᠷ ᠲᠤ ᠬᠡᠷᠡᠭᠯᠡᠪᠡᠯ ᠪᠠᠰᠠ ᠠᠭᠠᠷ ᠢ ᠴᠡᠪᠡᠷᠰᠢᠭᠦᠯᠬᠦ ᠮᠠᠰᠢ ᠰᠠᠶᠢᠨ ᠦᠢᠯᠡᠳᠦᠯ ᠲᠠᠢ ᠶᠤᠮ᠃ ᠲᠠᠬᠢᠶ᠎ᠠ ᠲᠡᠵᠢᠭᠡᠳᠡᠭ ᠡᠷᠦᠬᠡ ᠲᠠᠬᠢᠶᠠᠨ ᠤ ᠡᠭᠦᠷ ᠲᠤ ᠮᠣᠳᠣᠨ ᠨᠡᠭᠦᠷᠡᠰᠦ ᠪᠤᠶᠤ ᠨᠡᠭᠦᠷᠡᠰᠦᠨ ᠰᠢᠭᠠᠷᠤ ᠮᠡᠲᠦ ᠶᠢᠨ ᠰᠣᠷᠣᠨ ᠨᠠᠭᠠᠯᠳᠤᠭᠤᠯᠬᠤ ᠪᠣᠳᠠᠰ ᠢ ᠰᠠᠴᠤᠵᠤ ᠪᠣᠯᠣᠨ᠎ᠠ᠂ ᠡᠨᠡ ᠨᠢ ᠲᠠᠬᠢᠶᠠᠨ ᠤ ᠡᠭᠦᠷ ᠲᠠᠬᠢ ᠬᠤᠣᠷᠲᠤ ᠬᠡᠢ ᠪᠡᠶᠡᠲᠦ ᠶᠢ ᠰᠣᠷᠣᠨ ᠨᠠᠭᠠᠯᠳᠤᠭᠤᠯᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃ ᠡᠭᠦᠨ ᠠᠴᠠ ᠭᠠᠳᠠᠨ᠎ᠠ᠂ ᠭᠠᠵᠠᠷ ᠳᠡᠭᠡᠷ᠎ᠡ ᠨᠢᠭᠡ ᠳᠠᠪᠬᠤᠷᠭ᠎ᠠ ᠬᠡᠲᠦ ᠹᠣᠰᠹᠣᠷ ᠬᠦᠴᠢᠯ ᠤᠨ ᠺᠠᠯᠼ ᠰᠠᠴᠤᠪᠠᠯ ᠂ ᠲᠠᠬᠢᠶᠠᠨ ᠤ ᠡᠭᠦᠷ ᠲᠠᠬᠢ ᠦᠮᠡᠬᠡᠢ ᠦᠨᠦᠷ ᠢ ᠪᠠᠭᠤᠷᠠᠭᠤᠯᠵᠤ᠂ ᠰᠢᠪᠲᠦᠷ ᠤᠨ ᠬᠡᠢ ᠶᠢ ᠬᠤᠷᠢᠭᠯᠠᠬᠤ ᠦᠢᠯᠡᠳᠦᠯ ᠨᠢ ᠴᠦ ᠮᠠᠰᠢ ᠰᠠᠶᠢᠨ ᠪᠠᠶᠢᠳᠠᠭ᠃       ᠬᠢᠲᠠᠳ ᠡᠮ ᠢ ᠬᠡᠷᠡᠭᠯᠡᠨ᠎ᠡ᠃ ᠵᠠᠷᠢᠮ ᠬᠠᠯᠠᠭᠤᠨ ᠢ ᠠᠷᠢᠯᠭᠠᠵᠤ ᠬᠤᠣᠷ ᠢ ᠲᠠᠶᠢᠯᠬᠤ ᠦᠢᠯᠡᠳᠦᠯ ᠲᠠᠢ ᠦᠢᠯᠡᠳᠬᠦᠨ ︵ᠨᠡᠮᠡᠯᠲᠡ ᠡᠳ᠋ ᠪᠤᠶᠤ ᠬᠢᠲᠠᠳ ᠮᠠᠯ ᠤᠨ ᠡᠮ︶ ᠢᠶᠠᠷ ᠲᠠᠬᠢᠶᠠᠨ ᠰᠦᠷᠦᠭ ᠢ ᠲᠡᠵᠢᠭᠡᠪᠡᠯ ᠲᠠᠬᠢᠶᠠᠨ ᠤ ᠭᠡᠳᠡᠰᠦᠨ ᠳᠣᠲᠣᠷᠠᠬᠢ ᠪᠠᠺᠲ᠋ᠧᠷᠢ ᠶᠢᠨ ᠲᠤᠭ᠎ᠠ ᠶᠢ ᠪᠦᠲᠦᠮᠵᠢᠲᠡᠶ ᠪᠠᠷ ᠪᠠᠭᠠᠰᠬᠠᠬᠤ ᠶᠢᠨ ᠤᠯᠠᠮ ᠠᠴᠠ ᠪᠠᠭᠠᠰᠤ ᠰᠢᠭᠡᠰᠦᠨ ᠤ ᠰᠢᠪᠲᠦᠷ ᠤᠨ ᠬᠡᠢ ᠡᠭᠦᠰᠬᠡᠬᠦ ᠴᠢᠳᠠᠪᠤᠷᠢ ᠶᠢ ᠪᠠᠭᠤᠷᠠᠭᠤᠯᠤᠨ᠎ᠠ᠃ ᠡᠭᠦᠨ ᠠᠴᠠ ᠭᠠᠳᠠᠨ᠎ᠠ᠂ ᠲᠠᠬᠢᠶᠠᠨ ᠡᠭᠦᠷ ᠬᠤᠭᠤᠰᠤᠨ ᠪᠠᠶᠢᠬᠤ ᠳᠤ ᠠᠳᠠᠯᠢ ᠬᠠᠷᠢᠴᠠᠯ ᠤᠨ ᠰᠦᠢᠬᠠᠨ ᠤ ᠨᠠᠪᠴᠢ᠂ ᠴᠢᠨ᠋ᠸ᠎ᠠ ᠶᠢᠨ ᠬᠠᠯᠲᠠᠷ᠂ ᠬᠥᠬᠡ ᠨᠠᠪᠴᠢ ᠶᠢ ᠰᠢᠲᠠᠭᠠᠪᠠᠯ ᠦᠮᠡᠬᠡᠢ ᠦᠨᠦᠷ ᠢ ᠠᠷᠢᠯᠭᠠᠵᠤ ᠪᠠᠺᠲ᠋ᠧᠷᠢ ᠠᠯᠠᠬᠤ ᠳᠤ ᠪᠠᠰᠠ ᠨᠡᠯᠢᠶᠡᠳ ᠰᠠᠶᠢᠨ ᠦᠷ᠎ᠡ ᠳ᠋ᠦᠩ ᠲᠠᠢ ᠪᠠᠶᠢᠳᠠᠭ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号