1ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠳᠣᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠭ᠎ᠠ ᠶᠢᠨ | ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠶᠢᠨ ᠲᠣᠭᠤᠷᠢᠨ ᠳᠤ᠂ ᠦᠵᠡᠯ ᠰᠠᠨᠠᠭ᠎ᠠ ᠪᠠ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠢ ᠪᠠᠨ ᠪᠠᠶᠢᠴᠠᠭᠠᠨ ᠦᠵᠡᠵᠦ᠂ ᠨᠠᠮᠴᠢ ᠴᠢᠨᠠᠷ ᠤᠨ ᠵᠠᠳᠠᠯᠤᠯᠲᠠ | ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠵᠦ᠂ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ | ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ | ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶᠠᠨ ᠤ | ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠴᠧᠨ ᠽᠦᠸᠧ ᠦᠨᠡᠯᠡᠯᠲᠡ ᠬᠢᠵᠡᠶ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠪᠠᠭᠠᠨ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠶᠦᠩ ᠰᠢᠨ ᠬᠤᠷᠠᠯ ᠳᠤ ᠰᠤᠯᠠ | ᠣᠷᠣᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠲᠣᠰ ᠤᠳᠠᠭᠠᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ | ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠬᠠᠮᠲᠤ ᠪᠠᠷ ᠰᠤᠳᠤᠯᠤᠨ | ᠶᠠᠷᠢᠯᠴᠠᠬᠤ ᠪᠠ ᠬᠤᠪᠢ ᠬᠥᠮᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ | ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠢᠶᠠᠨ ᠨᠠᠷᠢᠨ ᠬᠢᠨᠠᠮᠠᠭᠠᠶ ᠪᠠᠶᠢᠴᠠᠭᠠᠨ | ᠳᠡᠯᠭᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠵᠠᠳᠠᠯᠤᠨ ᠰᠢᠨᠵᠢᠯᠡᠵᠦ᠂ ᠥᠷᠭᠡᠨ ᠢᠶᠠᠷ | ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ | ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠶ᠃ | ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠤᠭᠰᠠᠨ ᠠᠴᠠ ᠨᠠᠰᠢᠬᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠ ᠲᠣᠰ ᠤᠳᠠᠭᠠᠨ ᠤ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠵᠢᠶᠠ | ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠳᠡ ᠬᠢᠪᠡ᠃ ᠳᠠᠷᠠᠭ᠎ᠠ ᠨᠢ᠂ | ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ | ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠪᠡ᠃ | ᠵᠢᠶᠠ ᠪᠦᠦ ᠯᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠲᠠ ᠶᠢᠨ ᠨᠠᠮ ᠤᠨ ᠬᠤᠷᠢᠶᠠᠨ ᠤ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠬᠦᠴᠦᠲᠡᠶ ᠵᠢᠯᠣᠭᠤᠳᠣᠯᠭ᠎ᠠ ᠪᠠ ᠬᠠᠪᠰᠤᠷᠤᠯᠭ᠎ᠠ ᠳᠣᠤᠷ᠎ᠠ᠂ ᠳᠣᠰ ᠤᠳᠠᠭᠠᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠵᠤ᠂ ᠬᠥᠮᠦᠨ ᠪᠥᠷᠢ᠂ ᠤᠴᠢᠷ ᠶᠠᠪᠤᠳᠠᠯ | ᠨᠢᠭᠡᠪᠥᠷᠢ᠂ ᠦᠵᠡᠯ ᠰᠠᠨᠠᠭ᠎ᠠ ᠪᠤᠯᠭᠠᠨ ᠢ ᠳᠡᠯᠭᠡᠨ ᠪᠠᠶᠢᠴᠠᠭᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠬᠤ᠂ ᠪᠦᠯᠬᠦᠮᠳᠡᠯ ᠢᠶᠠᠨ ᠴᠢᠩᠭᠠᠳᠬᠠᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ | ᠬᠦᠷᠴᠡᠶ᠃ ᠪᠢᠳᠡ ᠢᠯᠡᠷᠡᠭᠦᠯᠦᠭᠰᠡᠨ ᠠᠰᠠᠭᠤᠳᠠᠯ ᠪᠣᠯᠤᠨ ᠦᠨᠡᠯᠡᠯᠲᠡ ᠶᠢᠨ ᠰᠠᠨᠠᠯ ᠳᠤ ᠴᠢᠭᠯᠡᠭᠦᠯᠦᠨ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠭᠦᠨᠵᠡᠭᠡᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠡᠷᠡᠰ ᠪᠠᠲᠤ | ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠂ ᠪᠤᠭᠤᠲᠤ | ᠬᠤᠲᠠ ᠶᠢᠨ ︽ᠲᠤᠯᠤᠭᠠᠨ ᠲᠠᠯ᠎ᠠ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠬᠦ︾ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠤᠯᠤᠭᠠᠨ ᠶᠡᠭᠡ ᠢᠨᠵᠧᠨᠧᠷᠢᠩ︾ ᠢ ᠰᠠᠶᠢᠲᠤᠷ | ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠳᠤᠮᠳᠠ ᠠᠵᠢᠯ ᠬᠢᠵᠦ ᠦᠢᠯᠡᠰ ᠴᠣᠭᠴᠠᠯᠠᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ | ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ | ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠰᠣᠶᠣᠯ ᠵᠢᠭᠤᠯᠴᠢᠯᠠᠯ᠂ ᠪᠣᠭᠤᠮᠲᠠ ᠶᠢᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ | ᠠᠩᠬᠠᠷᠴᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠥᠷᠢᠯᠡᠭᠦ ᠳᠤᠮᠳᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠬᠠᠷᠠᠯᠲᠠ | ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ | ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ︽ᠲᠦᠷᠪᠡᠨ ᠦᠨᠳᠦᠰᠦᠨ ᠱᠠᠲᠤᠨ ᠳᠤ ᠪᠠᠭᠤᠬᠤ︾ ᠲᠦᠷᠢᠮ ᠢ ᠨᠠᠶᠢᠳᠠᠪᠤᠷᠢᠵᠢᠭᠤᠯᠵᠤ᠂ | ᠤᠯᠠᠨ ᠲᠦᠮᠡᠨ ᠳᠤ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ | ᠰᠢᠢᠳᠪᠦᠷᠢᠯᠡᠵᠦ ᠥᠭᠬᠦ ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠤᠢ | ᠪᠣᠯᠭᠠᠵᠤ᠂ ᠰᠠᠬᠢᠯᠭ᠎ᠠ ᠪᠠᠲᠤ ᠶᠢᠨ ᠬᠥᠪᠴᠢ ᠶᠢ ᠢᠮᠠᠭᠲᠠ ᠴᠢᠩᠭᠠᠯᠠᠵᠤ᠂ ᠢᠯᠵᠠᠷᠠᠯ ᠢ ᠡᠰᠡᠷᠭᠦᠴᠡᠬᠦ ᠲᠣᠭᠲᠠᠯ | ᠬᠦᠴᠦᠨ ᠢᠶᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ | ᠭᠦᠢᠴᠡᠳᠭᠡᠵᠦ᠂ ᠴᠢᠩᠭ᠎ᠠ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠲᠤ | ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠦ ᠶᠢᠨ ᠠᠮᠢ ᠠᠬᠤᠶ ᠶᠢ | ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ | ᠪᠠᠶᠢᠴᠠᠭᠠᠨ ᠭᠠᠷᠭᠠᠭᠰᠠᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠮᠡᠳᠡᠷᠡᠨ ᠠᠪᠴᠤ᠂ ᠨᠠᠷᠢᠨ ᠲᠠᠩᠰᠠ ᠭᠠᠷᠭᠠᠵᠤ᠂ | ᠡᠬᠡ ᠲᠠᠩᠰᠠ ᠪᠠᠶᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠢᠭᠡ ᠴᠤᠭᠴᠠᠵᠢᠭᠤᠯᠤᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ ᠡᠭᠦᠨ ᠤ ᠬᠠᠮᠲᠤ ᠪᠠᠰᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠬᠤᠯᠠᠴᠢᠯᠠᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠲᠤᠬᠢᠷᠠᠭᠤᠯᠤᠯᠳᠠ ᠶᠢ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ᠂ ᠵᠣᠬᠢᠶᠠᠨ ᠪᠠᠶᠢᠭᠤᠯᠤᠯᠲᠠ ᠳᠤ ᠮᠡᠳᠡᠷᠡᠭᠳᠡᠭᠰᠡᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ | ᠲᠤᠰᠢᠶᠠᠬᠤ ᠬᠡᠷᠡᠭᠲᠡᠢ᠃ | |