ᠨᠢᠭᠡ᠂ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠬᠠᠮᠠᠭᠠᠯᠠᠨ᠎ᠠ | ᠳᠤᠯᠠᠭᠠᠨ ᠬᠠᠯᠬᠠᠪᠴᠢ ᠶᠢ ᠪᠠᠶᠢᠭᠤᠯᠬᠤ᠄ ᠳᠤᠯᠠᠭᠠᠨ ᠬᠠᠳᠠᠭᠠᠯᠠᠬᠤ ᠬᠠᠪᠲᠠᠰᠤ ᠪᠤᠶᠤ ᠰᠦᠯᠢᠶᠥᠦ | ᠪᠦᠷᠬᠦᠪᠴᠢ ᠶᠢ ᠪᠦᠷᠬᠦᠬᠦ᠂ ᠳᠡᠪᠢᠰᠬᠦ ᠮᠠᠲ᠋ᠧᠷᠢᠶᠠᠯ ︵ᠬᠠᠭᠤᠷᠠᠢ ᠡᠪᠡᠰᠦ᠂ ᠮᠣᠳᠣᠨ ᠦᠷᠦᠪᠳᠡᠰᠦ ᠵᠡᠷᠭᠡ︶ ᠨᠡᠮᠡᠬᠦ᠂ | ᠳᠤᠯᠠᠭᠠᠯᠠᠬᠤ ᠲᠥᠬᠦᠭᠡᠷᠦᠮᠵᠢ ︵ᠳᠤᠯᠠᠭᠠᠨ ᠰᠠᠯᠬᠢᠨ ᠤ ᠮᠠᠰᠢᠨ᠂ ᠬᠠᠯᠠᠭᠠᠯᠲᠠ ᠶᠢᠨ ᠳ᠋ᠧᠩ︶ ᠨᠡᠮᠡᠬᠦ ᠵᠡᠷᠭᠡ ᠶᠢ ᠴᠠᠭ | ᠲᠤᠬᠠᠢ ᠳᠤᠨᠢ ᠲᠣᠬᠢᠷᠠᠭᠤᠯᠬᠤ ᠶᠢᠨ ᠬᠠᠮᠲᠤ ᠲᠣᠬᠢᠲᠠᠢ ᠲᠥᠪᠬᠢᠨᠡᠭᠦᠯᠵᠦ᠂ ᠮᠠᠯ ᠵᠢᠭᠦᠷᠲᠡᠨ ᠤ ᠬᠦᠢᠲᠡᠨ ᠠᠭᠤᠷ | ᠠᠮᠢᠰᠬᠤᠯ ᠳᠤ ᠴᠤ ᠳᠤᠯᠠᠭᠠᠨ ᠪᠠᠶᠢᠬᠤ ᠶᠢ ᠦᠨᠡᠨᠬᠦ ᠪᠠᠲᠤᠯᠠᠨ᠎ᠠ᠃ | ᠵᠦᠢ ᠵᠣᠬᠢᠰᠲᠠᠢ ᠪᠢᠲᠡᠭᠦᠮᠵᠢᠯᠡᠭᠰᠡᠨ ᠬᠠᠰᠢᠶ᠎ᠠ ᠰᠠᠷᠠᠪᠴᠢ ᠪᠠᠶᠢᠭᠤᠯᠬᠤ᠄ ᠬᠠᠰᠢᠶ᠎ᠠ ᠰᠠᠷᠠᠪᠴᠢ ᠶᠢ ᠵᠦᠢ | ᠵᠣᠬᠢᠰᠲᠠᠢ ᠪᠢᠲᠡᠭᠦᠮᠵᠢᠯᠡᠨ ᠰᠢᠢᠳᠪᠦᠷᠢᠯᠡᠵᠦ᠂ ᠴᠢᠭᠢᠭᠯᠢᠭ ᠨᠦᠢᠲᠠᠨ ᠪᠠ ᠤᠰᠤ ᠬᠤᠷᠠᠬᠤ ᠠᠴᠠ ᠵᠠᠶᠢᠯᠠᠰᠬᠢᠵᠦ᠂ | ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠠᠩᠬᠠᠷᠬᠤ ᠶᠢᠨ ᠬᠠᠮᠲᠤ ᠰᠠᠯᠬᠢ ᠬᠠᠯᠬᠠᠯᠠᠬᠤ ᠲᠥᠬᠦᠭᠡᠷᠦᠮᠵᠢ | ᠲᠣᠬᠢᠷᠠᠭᠤᠯᠵᠤ᠂ ᠠᠭᠠᠷ ᠤᠨ ᠴᠡᠪᠡᠷᠴᠢ ᠶᠢᠨ ᠬᠡᠮᠵᠢᠶ᠎ᠡ ᠶᠢ ᠪᠠᠲᠤᠯᠠᠨ᠂ ᠬᠦᠢᠲᠡᠨ ᠠᠭᠠᠷ ᠰᠢᠭᠤᠳ ᠦᠯᠢᠶᠡᠬᠦ ᠶᠢ | ᠪᠠᠭᠠᠰᠬᠠᠨ᠎ᠠ᠃ | ᠭᠡᠷᠡᠯ ᠤᠨ ᠲᠤᠰᠤᠯᠲᠠ ᠶᠢᠨ ᠴᠠᠭ ᠢ ᠨᠡᠮᠡᠭᠳᠡᠭᠦᠯᠬᠦ᠄ ᠭᠡᠷᠡᠯ ᠤᠨ ᠲᠤᠰᠤᠯᠲᠠ ᠶᠢᠨ ᠴᠠᠭ ᠢ ᠵᠣᠬᠢᠬᠤ | ᠬᠡᠮᠵᠢᠶ᠎ᠡ ᠪᠠᠷ ᠨᠡᠮᠡᠭᠳᠡᠭᠦᠯᠪᠡᠯ ᠮᠠᠯ ᠵᠢᠭᠦᠷᠲᠡᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ | ᠲᠡᠭᠦᠨ ᠤ ᠡᠰᠡᠷᠭᠦᠴᠡᠬᠦ ᠴᠢᠳᠠᠪᠤᠷᠢ ᠪᠠ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ᠂ ᠲᠡᠵᠢᠭᠡᠵᠦ ᠠᠷᠠᠴᠢᠯᠠᠬᠤ ᠬᠠᠮᠢᠶᠠᠷᠤᠯᠲᠠ | ᠲᠡᠵᠢᠭᠡᠯ ᠪᠤᠷᠳᠤᠭᠠᠨ ᠤ ᠨᠢᠭᠲᠠᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠄ ᠮᠠᠯ ᠵᠢᠭᠦᠷᠲᠡᠨ ᠤ | ᠭᠦᠢᠴᠡᠳ ᠠᠵᠢᠯᠯᠠᠭᠠᠨ ᠤ ᠣᠷᠣᠨ ᠵᠠᠢ ᠪᠠ ᠠᠮᠠᠷᠠᠬᠤ ᠴᠠᠭ ᠢ ᠪᠠᠲᠤᠯᠠᠵᠤ᠂ ᠬᠡᠲᠦᠷᠬᠡᠢ ᠰᠢᠬᠠᠯᠳᠤᠭᠰᠠᠨ ᠠᠴᠠ ᠪᠣᠯᠵᠤ | ᠪᠠᠴᠢᠮ ᠪᠠᠶᠢᠳᠠᠯ ᠢ ᠠᠷᠭᠠᠴᠠᠬᠤ ᠪᠤᠶᠤ ᠡᠪᠡᠳᠴᠢᠨ ᠡᠮᠭᠡᠭ ᠬᠠᠯᠳᠠᠪᠤᠷᠢᠯᠠᠬᠤ ᠠᠴᠠ ᠵᠠᠶᠢᠯᠠᠰᠬᠢᠨ᠎ᠡ᠃ | ᠲᠡᠵᠢᠭᠡᠯ ᠪᠣᠷᠳᠤᠭ᠎ᠠ ᠬᠢᠭᠡᠳ ᠤᠤᠭᠤᠬᠤ ᠤᠰᠤᠨ ᠤ ᠬᠠᠩᠭᠠᠯᠭ᠎ᠠ ᠶᠢ ᠪᠠᠲᠤᠯᠠᠨ᠎ᠠ᠄ ᠲᠡᠵᠢᠭᠡᠯ ᠪᠣᠷᠳᠤᠭ᠎ᠠ | ᠬᠢᠭᠡᠳ ᠤᠤᠭᠤᠬᠤ ᠤᠰᠤᠨ ᠤ ᠬᠠᠩᠭᠠᠯᠭ᠎ᠠ ᠶᠢᠨ ᠭᠦᠢᠴᠡᠳ ᠪᠥᠭᠡᠳ ᠲᠣᠭᠲᠠᠭᠤᠨ ᠪᠠᠶᠢᠬᠤ ᠶᠢ ᠪᠠᠲᠤᠯᠠᠵᠤ᠂ ᠮᠠᠯ | ᠵᠢᠭᠦᠷᠲᠡᠨ ᠤ ᠪᠡᠶ᠎ᠡ ᠶᠢᠨ ᠳᠤᠯᠠᠭᠠᠨ ᠢ ᠪᠠᠲᠤᠯᠠᠬᠤ ᠪᠠ ᠡᠷᠡᠭᠦᠯ ᠮᠡᠨᠳᠦ ᠶᠢ ᠪᠠᠲᠤᠯᠠᠬᠤ ᠦᠨᠳᠦᠰᠦᠨ ᠬᠡᠷᠡᠭᠴᠡᠭᠡ ᠶᠢ | ᠬᠠᠩᠭᠠᠨ᠎ᠠ᠃ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠢ ᠪᠥᠬᠦ ᠲᠠᠯ᠎ᠠ ᠪᠠᠷ ᠲᠡᠩᠴᠡᠭᠦᠷᠢᠲᠡᠢ ᠪᠠᠶᠢᠯᠭᠠᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠡᠨᠧᠷᠭᠢ ᠶᠢᠨ ᠴᠢᠨᠠᠷᠲᠠᠢ ᠲᠡᠵᠢᠭᠡᠯ ᠪᠣᠷᠳᠣᠭᠠᠨ ᠤ ᠬᠠᠷᠢᠴᠠᠯ ᠢ ᠵᠣᠬᠢᠬᠤ | ᠬᠡᠮᠵᠢᠶ᠎ᠡ ᠪᠠᠷ ᠨᠡᠮᠡᠭᠳᠡᠭᠦᠯᠬᠦ ᠶᠢᠨ ᠬᠠᠮᠲᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠡᠵᠢᠭᠡᠯ ᠪᠣᠷᠳᠤᠭ᠎ᠠ ᠲᠡᠵᠢᠭᠡᠬᠦ | ᠲᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ | ᠰᠡᠷᠡᠯᠵᠢᠯ ᠢ ᠡᠰᠡᠷᠭᠦᠴᠡᠬᠦ ᠡᠳ᠋ ᠪᠠ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠨᠡᠮᠡᠨ᠎ᠡ᠄ ᠣᠯᠠᠨ ᠬᠡᠮᠵᠢᠯᠲᠡ᠂ | ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ | ᠵᠣᠬᠢᠬᠤ ᠬᠡᠮᠵᠢᠶ᠎ᠡ ᠪᠠᠷ ᠨᠡᠮᠡᠵᠦ᠂ ᠬᠦᠢᠲᠡᠨ ᠠᠭᠤᠷ ᠠᠮᠢᠰᠬᠤᠯ᠂ ᠣᠷᠴᠢᠨ ᠲᠣᠭᠤᠷᠢᠨ ᠤ ᠬᠤᠪᠢᠷᠠᠯᠲᠠ ᠵᠡᠷᠭᠡ | ᠡᠯᠧᠮᠧᠨ᠋ᠲ ᠠᠴᠠ ᠪᠣᠯᠤᠭᠰᠠᠨ ᠰᠡᠷᠡᠯᠵᠢᠯ ᠢ ᠠᠷᠭᠠᠴᠠᠬᠤ ᠤᠷᠪᠠᠯ ᠢ ᠪᠦᠲᠦᠮᠵᠢᠲᠡᠶ ᠪᠠᠭᠠᠰᠬᠠᠵᠤ᠂ ᠮᠠᠯ ᠵᠢᠭᠦᠷᠲᠡᠨ ᠤ | ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠭᠤᠷᠪᠠ᠂ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠮᠠᠯ ᠵᠢᠭᠦᠷᠲᠡᠨ ᠤ ᠬᠠᠰᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ᠎ᠡ᠄ ᠣᠷᠴᠢᠨ | ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠪᠠᠭᠠᠰᠤ ᠰᠢᠭᠡᠰᠦ᠂ ᠶᠠᠭᠤᠮ᠎ᠠ ᠬᠡᠦᠮ᠎ᠡ ᠵᠡᠷᠭᠡ ᠶᠢ ᠴᠠᠭ | ᠲᠤᠬᠠᠢ ᠳᠤᠨᠢ ᠴᠡᠪᠡᠷᠯᠡᠨ᠎ᠡ᠃ | ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠨ᠎ᠠ᠄ ᠲᠣᠬᠢᠷᠠᠮᠵᠢᠲᠠᠢ ᠠᠷᠢᠭᠤᠳᠬᠠᠬᠤ ᠡᠮ ᠤᠨ ᠵᠦᠢᠯ ᠢ | ᠰᠣᠩᠭᠤᠨ ᠬᠡᠷᠡᠭᠯᠡᠵᠦ᠂ ᠮᠠᠯ ᠵᠢᠭᠦᠷᠲᠡᠨ ᠤ ᠬᠠᠰᠢᠶ᠎ᠠ᠂ ᠲᠡᠵᠢᠭᠡᠨ ᠦᠷᠡᠵᠢᠭᠦᠯᠬᠦ ᠪᠠᠭᠠᠵᠢ ᠬᠡᠷᠡᠭᠰᠡᠯ᠂ ᠠᠵᠢᠯᠯᠠᠭᠠᠨ ᠤ | ᠲᠠᠯᠠᠪᠤᠷ ᠵᠡᠷᠭᠡ ᠶᠢ ᠪᠦᠬᠦ ᠲᠠᠯ᠎ᠠ ᠪᠠᠷ ᠠᠷᠢᠭᠤᠳᠬᠠᠵᠤ᠂ ᠡᠪᠡᠳᠴᠢᠨ ᠡᠭᠦᠰᠬᠡᠭᠴᠢ ᠪᠠᠺᠲ᠋ᠧᠷᠢ ᠶᠢᠨ ᠡᠭᠦᠰᠬᠦ ᠪᠠ | ᠲᠠᠷᠬᠠᠬᠤ ᠶᠢ ᠪᠦᠲᠦᠮᠵᠢᠲᠡᠶ ᠪᠠᠭᠠᠰᠬᠠᠨ᠎ᠠ᠃ | ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠨ᠎ᠠ᠄ ᠲᠤᠬᠠᠢ ᠶᠢᠨ ᠭᠠᠵᠠᠷ ᠤᠨ ᠬᠢᠵᠢᠭ ᠡᠪᠡᠳᠴᠢᠨ ᠤ ᠳᠡᠯᠭᠡᠷᠡᠬᠦ | ᠣᠨᠴᠠᠯᠢᠭ ᠬᠢᠭᠡᠳ ᠡᠭᠡᠯᠢᠯᠡᠭᠡ ᠶᠢᠨ ᠲᠠᠰ ᠳᠠᠷᠠᠭᠠᠯᠠᠯ ᠢ ᠦᠨᠳᠦᠰᠦᠯᠡᠨ᠂ ᠮᠠᠯ ᠵᠢᠭᠦᠷᠲᠡᠨ ᠳᠤ ᠡᠯ᠎ᠡ ᠲᠥᠷᠥᠯ ᠤᠨ | ᠸᠠᠺᠼᠢᠨ ᠢ ᠴᠠᠭ ᠲᠤᠬᠠᠢ ᠳᠤᠨᠢ ᠳᠠᠷᠢᠵᠤ᠂ ᠲᠡᠳᠡᠨ ᠤ ᠥᠪᠡᠷᠮᠢᠴᠡ ᠴᠢᠨᠠᠷ ᠤᠨ ᠡᠭᠡᠯᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠳᠥᠷᠪᠡ᠂ ᠲᠥᠬᠦᠭᠡᠷᠥᠮᠵᠢᠲᠦ ᠡᠳ᠋ ᠪᠠᠷᠠᠭ᠎ᠠ ᠶᠢᠨ ᠪᠠᠲᠤᠯᠠᠭ᠎ᠠ ᠲᠥᠬᠦᠭᠡᠷᠦᠮᠵᠢ ᠶᠢ ᠪᠠᠶᠢᠴᠠᠭᠠᠨ ᠵᠠᠰᠠᠬᠤ᠄ ᠮᠠᠯ | ᠵᠢᠭᠦᠷᠲᠡᠨ ᠤ ᠬᠠᠰᠢᠶ᠎ᠠ ᠰᠠᠷᠠᠪᠴᠢ ᠵᠢᠴᠢ ᠲᠡᠵᠢᠭᠡᠯ ᠪᠣᠷᠳᠣᠭᠠᠨ ᠤ ᠬᠥᠮᠥᠷᠭᠡ ᠵᠡᠷᠭᠡ ᠲᠥᠬᠦᠭᠡᠷᠦᠮᠵᠢ ᠳᠤ ᠪᠥᠬᠦ | ᠲᠠᠯ᠎ᠠ ᠪᠠᠷ ᠨᠠᠷᠢᠨ ᠨᠢᠮᠪᠠᠢ ᠪᠠᠶᠢᠴᠠᠭᠠᠨ ᠵᠠᠰᠠᠬᠤ ᠠᠵᠢᠯ ᠬᠢᠵᠦ᠂ ᠴᠠᠰᠤ ᠰᠢᠭᠤᠷᠭ᠎ᠠ ᠶᠢ ᠡᠰᠡᠷᠭᠦᠴᠡᠬᠦ ᠴᠢᠳᠠᠪᠤᠷᠢ ᠪᠠᠷ | ᠨᠡᠯᠢᠶᠡᠳ ᠪᠠᠭᠤᠷᠠᠢ ᠮᠠᠯ ᠵᠢᠭᠦᠷᠲᠡᠨ ᠤ ᠬᠠᠰᠢᠶ᠎ᠠ ᠶᠢ ᠪᠠᠬᠢᠵᠢᠭᠦᠯᠬᠦ ᠪᠠ ᠳᠤᠯᠠᠭᠠᠨ ᠢ ᠬᠠᠮᠠᠭᠠᠯᠠᠬᠤ ᠠᠵᠢᠯ ᠢ ᠰᠠᠶᠢᠲᠤᠷ | ᠬᠢᠨ᠎ᠡ᠃ | ᠡᠳ᠋ ᠪᠣᠳᠠᠰ ᠨᠥᠭᠡᠴᠡᠯᠡᠬᠦ᠄ ᠲᠡᠵᠢᠭᠡᠯ ᠪᠣᠷᠳᠤᠭ᠎ᠠ᠂ ᠸᠠᠺᠼᠢᠨ᠂ ᠠᠷᠢᠭᠤᠳᠬᠠᠬᠤ ᠡᠮ ᠤᠨ ᠵᠦᠢᠯ᠂ | ᠠᠷᠢᠭᠤᠳᠬᠠᠬᠤ ᠲᠥᠬᠦᠭᠡᠷᠦᠮᠵᠢ᠂ ᠴᠠᠬᠢᠯᠭᠠᠨ ᠭᠠᠷᠭᠠᠬᠤ ᠲᠦᠯᠡᠰᠢ᠂ ᠳᠤᠯᠠᠭᠠᠨ ᠢ ᠬᠠᠳᠠᠭᠠᠯᠠᠬᠤ ᠮᠠᠲ᠋ᠧᠷᠢᠶᠠᠯ᠂ | ᠠᠶᠤᠯ ᠠᠴᠠ ᠠᠪᠤᠷᠠᠬᠤ ᠪᠠᠭᠠᠵᠢ ᠬᠡᠷᠡᠭᠰᠡᠯ ᠵᠡᠷᠭᠡ ᠡᠯ᠎ᠡ ᠲᠦᠷᠦᠯ ᠤᠨ ᠡᠳ᠋ ᠪᠣᠳᠠᠰ ᠢ ᠴᠠᠭ ᠲᠤᠬᠠᠢ ᠳᠤᠨᠢ ᠭᠦᠢᠴᠡᠳ | ᠨᠥᠭᠡᠴᠡᠯᠡᠵᠦ᠂ ᠴᠠᠬᠢᠯᠭᠠᠨ ᠵᠣᠭᠰᠣᠬᠤ᠂ ᠵᠠᠮ ᠪᠢᠲᠡᠭᠦᠮᠵᠢᠯᠡᠬᠦ ᠵᠢᠴᠢ ᠲᠡᠵᠢᠭᠡᠯ ᠪᠣᠷᠳᠤᠭ᠎ᠠ᠂ ᠮᠠᠯ ᠤᠨ ᠡᠮ | ᠳᠤᠲᠠᠭᠳᠠᠬᠤ ᠠᠴᠠ ᠪᠣᠯᠤᠭᠰᠠᠨ ᠠᠰᠠᠭᠤᠳᠠᠯ ᠢ ᠰᠡᠷᠭᠡᠶᠢᠯᠡᠨ᠎ᠡ᠃ | ᠲᠠᠪᠤ᠂ ᠠᠶᠤᠯᠭᠦᠢ ᠦᠢᠯᠡᠳᠪᠦᠷᠢᠯᠡᠯ ᠠᠮᠤᠷ ᠲᠦᠪᠰᠢᠨ ᠢ ᠪᠠᠶᠢᠴᠠᠭᠠᠬᠤ᠄ ᠲᠡᠵᠢᠭᠡᠨ ᠦᠷᠡᠵᠢᠭᠦᠯᠬᠦ ᠲᠠᠯᠠᠪᠠᠶ ︵ | ᠡᠷᠦᠬᠡ︶ ᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ᠂ ᠤᠰᠤᠨ ᠵᠠᠮ ᠴᠠᠬᠢᠯᠭᠠᠨ ᠬᠡᠯᠬᠢᠶ᠎ᠡ | ᠵᠡᠷᠭᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠬᠢᠵᠦ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠠᠶᠢᠴᠠᠭᠠᠨ ᠵᠠᠰᠠᠬᠤ ᠬᠡᠷᠡᠭᠲᠡᠢ᠃ | ᠠᠮᠤᠷ ᠲᠦᠪᠰᠢᠨ ᠢᠶᠠᠷ ᠳᠤᠯᠠᠭᠠᠯᠠᠬᠤ᠄ ᠳᠤᠯᠠᠭᠠᠯᠠᠬᠤ ᠲᠥᠬᠦᠭᠡᠷᠦᠮᠵᠢ ᠨᠢ ᠬᠢᠷᠢ ᠲᠡᠩᠴᠡᠵᠦ᠂ ᠭᠠᠯ ᠤᠨ | ᠠᠶᠤᠯ ᠡᠭᠦᠰᠬᠦ ᠪᠠ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠨ᠎ᠡ᠃ ᠡᠯ᠎ᠡ | ᠲᠥᠷᠥᠯ ᠤᠨ ᠠᠮᠤᠷ ᠲᠦᠪᠰᠢᠨ ᠤ ᠠᠳᠡᠯ ᠢ ᠰᠠᠶᠢᠲᠤᠷ ᠰᠡᠷᠭᠡᠶᠢᠯᠡᠵᠦ᠂ ᠮᠠᠯ ᠵᠢᠭᠦᠷᠲᠡᠨ ᠤ ᠦᠢᠯᠡᠳᠪᠦᠷᠢᠯᠡᠯ ᠤᠨ | ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠨ᠎ᠠ᠃ |