ᠰᠢᠨ᠎ᠡ ᠵᠢᠯ ᠤᠨ ᠡᠬᠢᠨ ᠳᠤ᠂ ᠲᠦᠮᠡᠨ ᠪᠣᠳᠠᠰ ᠰᠢᠨᠡᠳᠪᠡ᠃ 1 ᠰᠠᠷ᠎ᠠ ᠶᠢᠨ 1 ᠤ ᠡᠳᠦᠷ᠂ ᠡᠨᠡᠬᠦ ᠬᠦᠰᠡᠯ | ᠡᠷᠡᠮᠡᠯᠵᠡᠯ ᠢᠶᠠᠷ ᠪᠢᠯᠬᠠᠭᠰᠠᠨ ᠰᠢᠨ᠎ᠡ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠬᠢᠯᠢ ᠶᠢᠨ | ᠬᠠᠮᠠᠭᠠᠯᠠᠯᠲᠠ ᠶᠢᠨ ᠠᠯᠪᠠᠨ ᠭᠡᠷ ᠥᠪᠡᠷᠲᠡᠭᠡᠨ ᠵᠠᠰᠠᠬᠤ ᠣᠷᠣᠨ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠯᠠᠭᠠᠨᠮᠥ᠋ᠴᠢᠷ ᠢ ᠤᠷᠢᠵᠤ᠂ ᠨᠠᠮ ᠤᠨ ᠬᠠᠶᠢᠷ᠎ᠠ ᠬᠠᠯᠠᠮᠵᠢ ᠶᠢ ᠡᠪᠦᠷᠯᠡᠨ᠂ ᠮᠠᠨᠳᠤᠯ ᠪᠠᠯᠭᠠᠰᠤᠨ ᠳᠤ | ᠬᠦᠷᠴᠦ ᠤᠷᠠᠨ ᠰᠠᠶᠢᠬᠠᠨ ᠤ ᠲᠣᠭᠯᠠᠯᠲᠠ ᠭᠠᠷᠭᠠᠵᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠢᠯᠢ ᠶᠢᠨ | ᠬᠠᠮᠠᠭᠠᠯᠠᠯᠲᠠ ᠶᠢᠨ ᠪᠠᠶᠢᠯᠳᠤᠭᠴᠢ ᠪᠣᠯᠤᠨ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠨᠢᠭᠡ ᠤᠳᠠᠭᠠᠨ ᠤ | ᠦᠪᠡᠳᠡᠭᠰᠢ ᠳᠠᠶᠢᠯᠠᠯᠭ᠎ᠠ ᠶᠢ ᠠᠪᠴᠢᠷᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠠᠯᠠᠭ᠎ᠠ | ᠲᠠᠰᠢᠯᠳᠠ ᠶᠢᠨ ᠲᠠᠭᠤᠨ᠂ ᠤᠤᠬᠠᠶᠢᠯᠠᠨ ᠬᠠᠰᠬᠢᠷᠬᠤ ᠲᠠᠭᠤᠨ ᠰᠤᠨᠤᠰᠳᠠᠨ᠎ᠠ᠃ ᠪᠦᠬᠦ ᠤᠯᠤᠰ ᠤᠨ ᠶᠣᠰᠣ | ᠰᠤᠷᠲᠠᠬᠤᠨ ᠤ ᠵᠢᠱᠢᠶᠡᠴᠢ ᠠᠳᠢᠶ᠎ᠠ ᠶᠢᠨ ᠭᠡᠷ ᠲᠤ᠂ ᠲᠣᠭᠯᠠᠭᠴᠢᠳ ᠳᠠᠭᠤᠤ ᠪᠥᠵᠢᠭ ᠢᠶᠠᠷ ᠢᠷᠦᠭᠡᠯ ᠵᠥᠩᠨᠡᠯ ᠢᠶᠠᠨ | ᠳᠡᠪᠰᠢᠭᠦᠯᠵᠦ᠂ ᠶᠣᠰᠣ ᠰᠤᠷᠲᠠᠬᠤᠨ ᠤ ᠵᠢᠱᠢᠶᠡᠴᠢ ᠳᠤ ᠨᠡᠶᠢᠭᠡᠮ ᠤᠨ ᠬᠦᠨᠳᠦᠳᠬᠡᠯ ᠪᠢᠰᠢᠷᠡᠯ ᠢ ᠮᠡᠳᠡᠷᠡᠭᠦᠯᠪᠡ︔ | ᠬᠠᠷᠠᠭᠤᠯ ᠤᠨ ᠭᠠᠵᠠᠷ ᠲᠤ ᠣᠮᠤᠭ ᠲᠡᠭᠦᠯᠳᠡᠷ ᠬᠦᠭ ᠠᠶᠠᠰ ᠢᠶᠠᠷ ᠪᠠᠶᠢᠯᠳᠤᠭᠴᠢᠳ ᠤᠨ ᠵᠣᠷᠢᠭ ᠰᠠᠨᠠᠭ᠎ᠠ ᠶᠢ | ᠬᠥᠭᠵᠢᠭᠡᠵᠦ᠂ ᠭᠤᠶᠢᠳᠠ ᠰᠠᠶᠢᠬᠠᠨ ᠲᠣᠭᠯᠠᠯᠲᠠ ᠨᠢ ᠲᠡᠳᠡᠨ ᠤ ᠬᠢᠯᠢ ᠶᠢ ᠰᠠᠬᠢᠬᠤ ᠲᠠᠷᠤᠭᠠᠰᠤ ᠶᠢ ᠨᠠᠮᠳᠠᠭᠤᠯᠪᠠ︔ | ᠮᠠᠨᠳᠤᠯ ᠬᠢᠯᠢ ᠶᠢᠨ ᠲᠣᠮᠢᠯᠠᠭᠰᠠᠨ ᠰᠠᠯᠪᠤᠷᠢ ᠳᠤ᠂ ᠢᠷᠠᠭᠤ ᠡᠭᠡᠰᠢᠭᠯᠡᠩ ᠮᠣᠷᠢᠨ ᠬᠤᠭᠤᠷ ᠤᠨ ᠳᠠᠭᠤᠨ᠂ ᠪᠥᠵᠢᠭ ᠤᠨ | ᠭᠤᠶᠢᠳᠠ ᠰᠠᠶᠢᠬᠠᠨ ᠤᠷᠠᠨ ᠨᠤᠭᠤᠯᠠᠭ᠎ᠠ ᠨᠢ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠷᠠᠳ ᠤᠨ | ᠴᠠᠭᠳᠠᠭ᠎ᠠ ᠨᠠᠷ ᠲᠤ ᠪᠠᠶᠠᠷ ᠪᠠᠶᠠᠰᠤᠯ ᠪᠠ ᠲᠠᠶᠢᠳᠬᠤᠷᠠᠭᠤᠯᠤᠯ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ | ᠬᠦᠷᠦᠭᠰᠡᠨ ᠭᠠᠵᠠᠷ ᠪᠣᠯᠭᠠᠨ ᠳᠤ᠂ ᠤᠷᠠᠨ ᠪᠢᠴᠢᠯᠭᠡᠳᠡᠨ ᠨᠠᠷ ᠤᠯᠠᠭᠠᠨ ᠴᠠᠭᠠᠰᠤᠨ ᠲᠡᠭᠡᠷ᠎ᠡ᠂ ᠢᠷᠥᠭᠡᠯ | ᠵᠥᠩᠨᠡᠯ ᠤᠨ ᠬᠤᠤᠰ ᠤᠶᠠᠩᠭ᠎ᠠ ᠪᠢᠴᠢᠵᠦ᠂ ᠬᠢᠯᠢ ᠬᠢᠵᠠᠭᠠᠷ ᠣᠷᠣᠨ ᠳᠤ ᠴᠠᠭᠠᠨ ᠰᠠᠷ᠎ᠠ ᠶᠢᠨ ᠠᠭᠤᠷ ᠠᠮᠢᠰᠬᠤᠯ ᠢ | ᠨᠡᠮᠡᠷᠢᠯᠡᠭᠰᠡᠨ ᠪᠠᠶᠢᠨ᠎ᠠ᠃ | ᠲᠣᠰ ᠤᠳᠠᠭᠠᠨ ᠤ ᠲᠣᠬᠤᠨᠢᠭᠤᠯᠬᠤ ᠲᠣᠭᠯᠠᠯᠲᠠ ᠪᠣᠯ ᠨᠢᠭᠡᠨ ᠤᠳᠠᠭᠠᠨ ᠤ ᠤᠳᠬ᠎ᠠ ᠤᠷᠠᠯᠢᠭ ᠤᠨ | ᠦᠪᠡᠳᠡᠭᠰᠢ ᠨᠠᠶᠢᠷ ᠪᠣᠯᠬᠤ ᠪᠠᠷ ᠪᠠᠷᠠᠬᠤ ᠥᠬᠡᠶ᠂ ᠨᠠᠩ ᠴᠤ ᠨᠠᠮ ᠪᠠ ᠵᠠᠰᠠᠭ ᠤᠨ ᠣᠷᠳᠣᠨ ᠠᠴᠠ ᠬᠢᠯᠢ ᠬᠢᠵᠠᠭᠠᠷ | ᠣᠷᠣᠨ ᠤ ᠬᠠᠯᠠᠮᠵᠢᠯᠠᠯ ᠤᠨ ᠠᠮᠢᠳᠤᠯᠢᠭ ᠢᠯᠡᠷᠡᠯ ᠮᠥᠨ᠃ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠪᠢᠳᠡ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ | ᠤᠯᠤᠰ ᠢᠶᠠᠨ ᠬᠠᠮᠠᠭᠠᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠵᠡᠭᠡᠶ᠎ᠡ︕ |