ᠴᠠᠭᠠᠨ ᠰᠠᠷ᠎ᠠ ᠪᠣᠯᠵᠤ  ᠵᠢᠯ ᠤᠨ ᠦᠨᠦᠷ ᠠᠮᠲᠠ ᠥᠳᠬᠡᠨ  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠨᠠᠰᠤᠲᠠᠶᠢᠴᠤᠳ ᠤᠨ  ᠵᠣᠯ  ᠵᠢᠷᠭᠠᠯᠲᠤ ᠮᠦᠴᠡ
ᠨᠡᠶᠢᠲᠡᠯᠡᠭᠰᠡᠨ ᠴᠠᠭ᠄
2025/1/30
      ᠵᠠᠮ ᠤᠨ ᠬᠠᠵᠠᠭᠤ ᠶᠢᠨ ᠥᠩᠭᠡᠲᠦ ᠳ᠋ᠧᠩ᠂ ᠴᠤᠭᠯᠠᠷᠠᠭᠰᠠᠨ ᠬᠥᠮᠦᠰ᠂ ᠪᠠᠶᠠᠷᠲᠤ ᠬᠤᠣᠰ ᠤᠶᠠᠩᠭ᠎ᠠ ᠁ ᠴᠠᠭᠠᠨ ᠰᠠᠷ᠎ᠠ ᠪᠣᠯᠵᠤ᠂ ᠳᠠᠷᠬᠠᠨ ᠮᠤᠤᠮᠢᠩᠭᠠᠨ ᠤ ᠵᠢᠵᠢᠭ ᠪᠠᠯᠭᠠᠰᠤᠨ ᠳᠤ ᠵᠢᠯ ᠤᠨ ᠦᠨᠦᠷ ᠠᠮᠲᠠ ᠥᠳᠭᠡᠨ᠃ ᠲᠠᠷᠬᠠᠨ ᠮᠣᠣᠮᠢᠩᠭᠠᠨ ᠤ ᠨᠠᠰᠤᠲᠠᠶᠢᠴᠤᠳ ᠴᠤ  ᠡᠨᠡ ᠬᠦ ᠥᠳᠬᠡᠨ ᠵᠢᠯ ᠤᠨ ᠦᠨᠦᠷ ᠠᠮᠲᠠᠨ ᠳᠤ ᠬᠦᠷᠢᠶᠡᠯᠡᠭᠳᠡᠨ᠂ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠪᠠᠷ ᠨᠠᠷᠭᠢᠵᠠᠭᠠᠵᠤ ᠪᠠᠶᠢᠯ᠎ᠠ᠃      ︽ᠪᠠᠰᠠ ᠵᠢᠭᠠᠬᠠᠨ ᠵᠡᠭᠦᠨᠰᠢ ᠪᠠᠨ᠂ ᠪᠠᠰᠠ ᠵᠢᠭᠠᠬᠠᠨ ᠳᠡᠭᠡᠭᠰᠢ ᠪᠠᠨ︾᠃ ︽ᠨᠠᠰᠤᠲᠠᠨ ᠠᠪᠤ ᠡ᠂ ᠲᠠ ᠴᠣᠩᠬᠤᠨ ᠤ ᠬᠤᠸᠠᠷ ᠢ ᠲᠡᠭᠰᠢᠬᠡᠨ ᠨᠠᠭᠠᠭᠰᠠᠨ ᠡᠰᠡᠬᠦ ᠶᠢ ᠦᠵᠡᠭᠡᠳ ᠥᠭᠭᠦᠨ᠎ᠡ ᠦᠦ︖︾ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠤᠯᠠᠭᠠᠨ ᠰᠤᠪᠤᠷᠭ᠎ᠠ ᠨᠠᠰᠤᠲᠠᠨ ᠤ ᠬᠦᠷᠢᠶᠡᠯᠡᠩ ᠳᠤ ᠣᠷᠣᠬᠤ ᠳᠤ᠂ ᠨᠠᠰᠤᠲᠠᠶᠢᠴᠤᠳ ᠪᠣᠯᠤᠨ ᠠᠵᠢᠯᠲᠠᠳ ᠬᠤᠣᠰ ᠤᠶᠠᠩᠭ᠎ᠠ᠂ ᠴᠣᠩᠬᠤᠨ ᠬᠤᠸᠠᠷ ᠨᠠᠭᠠᠵᠤ᠂ ᠭᠠᠵᠠᠷ ᠪᠣᠯᠭᠠᠨ ᠳᠤ ᠬᠥᠷ ᠬᠥᠭᠵᠢᠶᠡᠨ ᠲᠠᠢ᠂ ᠪᠠᠶᠠᠷ ᠬᠥᠷ ᠲᠠᠢ ᠠᠭᠤᠷ ᠠᠮᠢᠰᠬᠤᠯ ᠢᠶᠠᠷ ᠪᠢᠯᠬᠠᠵᠤ᠂ ᠰᠠᠶ᠋ᠢᠬᠠᠨ ᠡᠯᠭᠦᠭᠰᠡᠨ ᠤᠯᠠᠭᠠᠨ ᠳ᠋ᠧᠩᠯᠦ ᠨᠡᠷᠡᠨ ᠤ ᠭᠡᠷᠡᠯ ᠳᠤ ᠣᠨᠴᠠᠭᠠᠢ ᠪᠠᠶᠠᠷ ᠪᠠᠶᠠᠰᠬᠤᠯᠠᠩ ᠲᠠᠢ ᠬᠠᠷᠠᠭᠳᠠᠵᠤ᠂ ᠨᠠᠰᠤᠲᠠᠨ ᠤ ᠬᠦᠷᠢᠶᠡᠯᠡᠩ ᠳᠤ ᠢᠨᠢᠶᠡᠳᠦ ᠪᠠᠶᠠᠷ ᠴᠠᠯᠭᠢᠵᠤ ᠪᠠᠶᠢᠪᠠ᠃ ︽ᠯᠢ ᠭᠤᠸᠠᠢ᠂ ᠴᠢ ᠮᠢᠨᠦ ᠰᠢᠨ᠎ᠡ ᠬᠤᠪᠴᠠᠰᠤ ᠬᠡᠴᠢᠨᠡᠨ ᠰᠠᠶᠢᠬᠠᠨ ᠵᠣᠬᠢᠴᠠᠭᠰᠠᠨ ᠢ ᠦᠵᠡ︾᠃ ︽ᠴᠢ ᠦᠵᠡᠭᠡᠴᠢ᠂ ᠮᠢᠨᠤᠬᠢ ᠴᠦ ᠪᠠᠰᠠ ᠵᠦᠭᠡᠷ ᠰᠢᠦ︾᠃ ᠨᠥᠭᠦᠭᠡ ᠲᠠᠯ᠎ᠠ ᠳᠤ᠂ ᠠᠵᠢᠯᠲᠠᠳ ᠴᠤ᠋ ᠰᠢᠨ᠎ᠡ ᠬᠤᠪᠴᠠᠰᠤ ᠶᠢ ᠨᠠᠰᠤᠲᠠᠨ ᠤ ᠭᠠᠷ ᠲᠤ ᠲᠦᠭᠡᠭᠡᠵᠦ᠂ ᠨᠠᠰᠤᠲᠠᠶᠢᠴᠤᠳ ᠶᠠᠭ ᠰᠢᠨ᠎ᠡ ᠪᠠᠷ ᠲᠦᠭᠡᠭᠡᠭᠰᠡᠨ ᠬᠤᠪᠴᠠᠰᠤ ᠪᠠᠨ ᠲᠤᠷᠰᠢᠨ ᠡᠮᠦᠰᠴᠦ ᠪᠠᠶᠢᠨ᠎ᠠ᠃ ᠬᠡᠯᠪᠡᠷᠢ ᠮᠠᠶ᠋ᠢᠭ ᠨᠢ ᠰᠢᠨ᠎ᠡ ᠰᠣᠷᠭᠤᠭ᠂ ᠥᠩᠭᠡ ᠪᠤᠳᠤᠭ ᠨᠢ ᠢᠯᠭᠠᠷᠠᠭᠰᠠᠨ ᠬᠤᠪᠴᠠᠰᠤ ᠨᠢ ᠨᠠᠰᠤᠲᠠᠶᠢᠴᠤᠳ ᠳᠠᠬᠢ ᠭᠦᠨ ᠬᠠᠯᠠᠮᠵᠢᠯᠠᠯ ᠪᠠ ᠵᠥᠩᠨᠡᠯ ᠶᠢ ᠠᠬᠤᠭᠤᠯᠵᠤ᠂ ᠨᠠᠰᠤᠲᠠᠶᠢᠴᠤᠳ ᠰᠢᠨ᠎ᠡ ᠬᠤᠪᠴᠠᠰᠤ ᠶᠢ ᠲᠤᠰᠴᠤ ᠠᠪᠤᠭᠠᠳ᠂ ᠴᠢᠷᠠᠶ ᠳᠤ ᠨᠢ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ ︽ᠰᠢᠨ᠎ᠡ ᠵᠢᠯ ᠪᠣᠯᠬᠤ ᠲᠠᠰᠢᠷᠠᠮ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠢᠳᠡᠨ ᠳᠤ ᠰᠢᠨ᠎ᠡ ᠬᠤᠪᠴᠠᠰᠤ ᠬᠤᠨᠠᠷ᠂ ᠣᠷᠣ ᠶᠢᠨ ᠪᠦᠲᠡᠭᠡᠯᠭᠡ ᠲᠠᠷᠬᠠᠭᠠᠪᠠ ᠃ ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠮᠠᠰᠢ ᠰᠠᠶᠢᠨ ᠶᠠᠪᠤᠳᠠᠯ᠂ ᠤᠯᠠᠨ ᠢᠶᠠᠷ ᠢᠶᠠᠨ ᠴᠥᠮ ᠴᠤᠭ ᠰᠦᠯᠳᠡ ᠪᠠᠨ ᠪᠠᠳᠠᠷᠠᠭᠤᠯᠵᠤ ᠴᠠᠭᠠᠨ ᠰᠠᠷ᠎ᠠ ᠪᠠᠨ ᠥᠩᠭᠡᠷᠡᠭᠦᠯᠵᠦ ᠴᠢᠳᠠᠬᠤ ᠪᠣᠯᠪᠠ︾ ᠭᠡᠵᠦ 84 ᠨᠠᠰᠤᠲᠠᠢ ᠲᠢᠶᠠᠨ ᠡᠪᠦᠭᠡᠨ ᠠᠪᠤ ᠰᠢᠨ᠎ᠡ ᠬᠤᠪᠴᠠᠰᠤ ᠪᠠᠨ ᠳᠠᠭᠠᠤ ᠪᠠᠶᠠᠷᠲᠠᠢ ᠪᠠᠷ ᠶᠠᠷᠢᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠶᠠᠩ ᠷᠦᠢ ᠨᠠᠰᠤᠲᠠᠨ ᠢ ᠬᠠᠷᠠᠭᠠᠯᠵᠠᠬᠤ ᠦᠢᠯᠡᠴᠢᠯᠡᠭᠡᠨ ᠤ ᠲᠥᠪ ᠲᠤ ᠰᠠᠶ᠋ᠢᠬᠠᠨ ᠣᠷᠣᠪᠠᠯ᠂ ᠮᠤᠰᠬᠢᠮᠠᠯ ᠪᠣᠭᠤᠷᠰᠤᠭ ᠤᠨ ᠠᠩᠬᠢᠯᠤᠮ᠎ᠠ ᠦᠨᠦᠷ ᠬᠠᠩᠬᠤᠯᠤᠨ ᠢᠷᠡᠵᠦ᠂ ᠠᠵᠢᠯᠲᠠᠳ ᠲᠣᠭᠤᠭᠠᠨ ᠭᠡᠷ ᠲᠤ ᠠᠵᠢᠯ ᠤᠨ ᠬᠤᠪᠢᠶᠠᠷᠢᠯᠠᠯ ᠡᠮᠬᠢ ᠳᠢᠭᠯᠢᠮ ᠲᠠᠢ ᠪᠠᠶᠢᠵᠤ᠂ ᠲᠠᠮᠤᠭᠰᠠᠨ ᠮᠤᠰᠬᠢᠮᠠᠯ ᠪᠣᠭᠤᠷᠰᠤᠭ ᠢᠶᠠᠨ ᠤᠳᠠᠭᠠᠨ ᠭᠠᠯ ᠳᠡᠭᠡᠷ᠎ᠡ ᠲᠣᠭᠤᠭ᠎ᠠ ᠲᠠᠢ ᠲᠣᠰᠣᠨ ᠳᠤ ᠬᠢᠵᠦ ᠪᠤᠴᠠᠯᠭᠠᠭᠠᠳ᠂ ᠤᠳᠠᠯ ᠦᠭᠡᠢ ᠠᠯᠲᠠᠨ ᠰᠢᠷᠭᠠᠯ ᠥᠩᠭᠡ ᠲᠠᠢ ᠮᠤᠰᠬᠢᠮᠠᠯ ᠪᠣᠭᠤᠷᠰᠤᠭ ᠪᠣᠯᠪᠠ᠃ ︽ᠡᠨᠡ ᠮᠤᠰᠬᠢᠮᠠᠯ ᠪᠣᠭᠤᠷᠰᠤᠭ ᠢ ᠦᠨᠡᠬᠡᠷ ᠰᠠᠶᠢᠨ ᠬᠢᠵᠡᠢ᠂ ᠭᠡᠷ ᠤᠨ ᠦᠨᠦᠷ ᠠᠮᠲᠠ ᠲᠠᠢ︾ ᠭᠡᠵᠦ ᠨᠠᠰᠤᠲᠠᠶᠢᠴᠤᠳ ᠳᠠᠷᠠᠭᠠᠯᠠᠨ ᠡᠷᠡᠬᠡᠶ ᠬᠤᠷᠤᠭᠤ ᠭᠤᠵᠣᠶᠢᠯᠭᠠᠵᠤ ᠪᠠᠶᠢᠯ᠎ᠠ᠃ ︽ᠪᠢᠳᠡ ᠨᠠᠰᠤᠲᠠᠶᠢᠴᠤᠳ ᠢ ᠥᠯᠵᠡᠢ ᠪᠡᠯᠭᠡ ᠲᠠᠢ ᠪᠠᠶᠠᠷ ᠬᠥᠷ ᠲᠠᠢ ᠰᠢᠨ᠎ᠡ ᠵᠢᠯ ᠥᠩᠭᠡᠷᠡᠭᠦᠯᠬᠦ ᠶᠢᠨ ᠲᠥᠯᠥᠭᠡ᠂ ᠵᠢᠯ ᠤᠨ ᠡᠮᠦᠨ᠎ᠡ ᠠᠴᠠ ᠮᠢᠬᠠᠨ ᠪᠥᠮᠪᠦᠯᠢᠭ᠂ ᠮᠤᠰᠬᠢᠮᠠᠯ ᠪᠣᠭᠤᠷᠰᠤᠭ᠂ ᠬᠡᠦᠷᠡᠭ ᠳᠠᠬᠢᠶ᠎ᠠ ᠵᠡᠷᠭᠡ ᠡᠯ᠎ᠡ ᠵᠦᠢᠯ ᠤᠨ ᠡᠯᠪᠡᠭ ᠪᠠᠶᠠᠯᠢᠭ ᠵᠢᠯ ᠤᠨ ᠪᠠᠷᠠᠭ᠎ᠠ  ᠪᠡᠯᠡᠳᠬᠡᠪᠡ︾᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠶᠠᠩ ᠷᠦᠢ ᠨᠠᠰᠤᠲᠠᠨ ᠢ ᠬᠠᠷᠠᠭᠠᠯᠵᠠᠬᠤ ᠦᠢᠯᠡᠴᠢᠯᠡᠭᠡᠨ ᠤ ᠲᠥᠪ ᠤᠨ ᠳᠠᠷᠤᠭ᠎ᠠ ᠫᠠᠨ ᠶᠢᠦ ᠰᠢᠶᠠᠨ᠄ ︽ᠡᠭᠦᠨ ᠤ ᠵᠡᠷᠭᠡ ᠳᠤ ᠪᠢᠳᠡ ᠪᠠᠰᠠ ᠣᠬᠤᠷ ᠬᠤᠭᠤᠴᠠᠭᠠᠨ ᠤ ᠨᠠᠶᠢᠳᠠᠯᠭ᠎ᠠ ᠶᠢᠨ ᠦᠢᠯᠡᠴᠢᠯᠡᠭᠡ ᠬᠠᠩᠭᠠᠵᠤ᠂ ᠵᠠᠷᠢᠮ ᠦᠷ᠎ᠡ ᠬᠡᠦᠬᠡᠳ ᠨᠢ ᠴᠠᠭᠠᠨ ᠰᠠᠷ᠎ᠠ ᠤᠴᠢᠷ ᠲᠠᠢ ᠠᠴᠠ ᠪᠣᠯᠵᠤ ᠨᠠᠰᠤᠲᠠᠨ ᠢᠶᠠᠨ ᠬᠠᠷᠠᠭᠠᠯᠵᠠᠬᠤ ᠳᠤ ᠳᠥᠭᠦᠮ ᠦᠭᠡᠢ ᠪᠣᠯ᠂ ᠪᠢᠳᠡ ᠣᠷᠣᠯᠠᠨ ᠬᠠᠷᠠᠭᠠᠯᠵᠠᠵᠤ ᠪᠣᠯᠤᠨ᠎ᠠ᠂ ᠨᠠᠰᠤᠲᠠᠶᠢᠴᠤᠳ ᠠᠳᠡ ᠲᠤᠰᠬᠠᠶ ᠮᠡᠷᠭᠡᠵᠢᠯ ᠤᠨ ᠠᠰᠠᠷᠠᠨ ᠬᠠᠷᠠᠭᠠᠯᠵᠠᠬᠤ᠂ ᠲᠠᠭᠠᠯᠠᠮᠵᠢᠲᠠᠢ ᠣᠷᠣᠰᠢᠨ ᠰᠠᠭᠤᠬᠤ ᠣᠷᠴᠢᠨ ᠲᠣᠭᠤᠷᠢᠨ ᠪᠠ ᠰᠢᠮ᠎ᠡ ᠲᠡᠵᠢᠭᠡᠯ ᠪᠦᠷᠢᠨ ᠬᠤᠭᠤᠯᠠ ᠤᠮᠳᠠ ᠶᠢ ᠡᠳ᠋ᠯᠡᠵᠦ ᠪᠣᠯᠤᠨ᠎ᠠ᠂ ᠨᠠᠰᠤᠲᠠᠶᠢᠴᠤᠳ ᠵᠢᠴᠢ ᠭᠡᠷ ᠪᠦᠯᠢ ᠶᠢᠨ ᠬᠢᠨ ᠢ ᠬᠠᠪᠰᠤᠷᠤᠨ ︿ᠲᠤᠯᠭᠠᠮ ᠪᠠᠶᠢᠳᠠᠯ﹀ ᠢ ᠨᠢ ᠰᠢᠢᠳᠪᠦᠷᠢᠯᠡᠨ ᠥᠭᠴᠦ᠂ ᠬᠠᠮᠲᠤ ᠪᠠᠷ ᠠᠭᠠᠵᠢᠭᠤ ᠲᠠᠯᠪᠢᠭᠤ  ᠪᠠᠷ ᠴᠠᠭᠠᠨ ᠰᠠᠷ᠎ᠠ ᠪᠠᠨ ᠥᠩᠭᠡᠷᠡᠭᠦᠯᠦᠨ᠎ᠡ︾ ᠭᠡᠵᠦ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢ ᠨᠠᠰᠤᠲᠠᠶᠢᠴᠤᠳ ᠤᠨ ᠬᠡᠷ ᠪᠦᠯᠢ ᠶᠢᠨ ᠬᠢᠨ ᠤ ᠬᠡᠷ ᠠᠬᠤᠶ ᠶᠢᠨ ᠦᠢᠯᠡᠴᠢᠯᠡᠭᠡᠨ ᠤ ᠠᠵᠢᠯᠲᠠᠨ ᠬᠡᠷ ᠲᠤ ᠪᠠᠨ ᠬᠠᠷᠢᠵᠤ ᠰᠢᠨᠡᠯᠡᠭᠰᠡᠨ᠂ ᠦᠷ᠎ᠡ ᠬᠡᠤᠬᠡᠳ ᠨᠢ ᠭᠠᠳᠠᠭᠰᠢ ᠭᠠᠷᠤᠭᠰᠠᠨ ᠵᠡᠷᠭᠡ ᠰᠢᠯᠲᠠᠭᠠᠨ ᠠᠴᠠ ᠪᠣᠯᠤᠭᠰᠠᠨ ᠣᠬᠤᠷ ᠬᠤᠭᠤᠴᠠᠭᠠᠨ ᠤ ᠨᠠᠶᠢᠳᠠᠨ ᠠᠰᠠᠷᠠᠭᠤᠯᠬᠤ᠂ ᠠᠮᠢᠰᠬᠤᠭ᠎ᠠ ᠠᠪᠬᠤ ᠮᠠᠶ᠋ᠢᠭ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠠᠬᠢ ᠦᠢᠯᠡᠴᠢᠯᠡᠭᠡᠨ ᠤ ᠶᠠᠰᠤ ᠴᠢᠨᠠᠷ ᠨᠢ ᠥᠨᠳᠥᠷ᠂ ᠪᠦᠬᠦᠯᠢ ᠴᠣᠭᠴᠠ ᠶᠢᠨ ᠣᠷᠴᠢᠨ ᠨᠥᠬᠦᠴᠡᠯ ᠰᠠᠶᠢᠨ ᠪᠠᠶᠢᠳᠠᠭ 4 ᠨᠠᠰᠤᠲᠠᠨ ᠢ ᠠᠰᠠᠷᠠᠬᠤ ᠪᠠᠶᠢᠭᠤᠯᠤᠮᠵᠢ ᠠᠴᠠ ᠵᠠᠯᠭᠠᠭ᠎ᠠ ᠪᠠᠷ ︽ᠴᠠᠭᠠᠨ ᠰᠠᠷ᠎ᠠ ᠶᠢᠨ ᠰᠡᠳᠬᠢᠯ ᠢ ᠳᠤᠯᠠᠭᠠᠴᠠᠭᠤᠯᠬᠤ ᠣᠬᠤᠷ ᠬᠤᠭᠤᠴᠠᠭᠠᠨ ᠤ ᠨᠠᠶᠢᠳᠠᠯᠭ᠎ᠠ︾ ᠶᠢᠨ ᠦᠢᠯᠡᠴᠢᠯᠡᠭᠡ ᠶᠢ ᠭᠠᠷᠭᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠠ ᠰᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠡᠷᠬᠢᠯᠡᠭᠴᠢ ᠵᠠᠩ ᠴᠢᠩ ᠰᠢᠶᠠ᠄ ︽ᠮᠠᠨ ᠤ ᠶᠠ ᠰᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠬᠢᠨ ᠵᠢᠯ ᠤᠨ ᠡᠮᠦᠨ᠎ᠡ ᠠᠴᠠ ᠡᠷᠲᠡᠬᠡᠨ ᠤᠷᠢᠳᠴᠢᠯᠠᠨ ᠪᠠᠶᠢᠷᠢᠯᠠᠭᠤᠯᠵᠤ᠂ ᠨᠠᠰᠤᠲᠠᠶᠢᠴᠤᠳ ᠲᠤ ᠰᠢᠨ᠎ᠡ ᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠥᠭᠪᠡ᠃ ᠡᠭᠦᠨ ᠤ ᠬᠠᠮᠲᠤ ᠣᠨᠴᠠᠭᠠᠢ ᠰᠤᠪᠢᠯᠠᠯᠲᠠ ᠶᠢᠨ ᠦᠢᠯᠡᠴᠢᠯᠡᠭᠡ ᠭᠠᠷᠭᠠᠵᠤ᠂ ᠲᠤᠬᠠᠶᠢᠯᠠᠪᠠᠯ ᠡᠳᠦᠷ ᠤᠨ ᠨᠠᠶᠢᠳᠠᠯᠭ᠎ᠠ᠂ ᠰᠥᠨᠢ ᠶᠢᠨ ᠨᠠᠶᠢᠳᠠᠯᠭ᠎ᠠ᠂ ᠰᠠᠷ᠎ᠠ ᠶᠢᠨ ᠨᠠᠶᠢᠳᠠᠯᠭ᠎ᠠ᠂ ᠪᠢᠳᠡ ᠡᠲᠡᠭᠡᠷ ᠦᠢᠯᠡᠴᠢᠯᠡᠭᠡ ᠪᠠᠷ ᠳᠠᠮᠵᠢᠭᠤᠯᠤᠨ ᠬᠡᠷᠡᠭᠴᠡᠭᠡ ᠪᠥᠬᠦᠶ ᠨᠠᠰᠤᠲᠠᠶᠢᠴᠤᠳ ᠲᠤ ᠲᠥᠬᠦᠮ ᠦᠵᠡᠭᠦᠯᠵᠦ᠂ ᠬᠠᠮᠲᠤ ᠪᠠᠷ ᠵᠣᠯ ᠵᠢᠷᠭᠠᠯ ᠲᠠᠢ ᠰᠢᠨᠡᠯᠡᠬᠦ ᠶᠢ ᠬᠦᠰᠡᠵᠦ ᠪᠠᠶᠢᠨ᠎ᠠ︾ ᠭᠡᠵᠦ ᠲᠠᠨᠢᠯᠴᠠᠭᠤᠯᠪᠠ᠃ ᠬᠡᠦᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠠᠬᠠᠮᠠᠳ ᠲᠤ ᠦᠢᠯᠡᠴᠢᠯᠡᠬᠦ ᠬᠤᠭᠤᠯᠠᠨ ᠭᠡᠷ ᠲᠤ᠂ ᠠᠳᠠᠯᠢᠬᠠᠨ ᠢᠶᠠᠷ ᠵᠢᠯ ᠤᠨ ᠦᠨᠦᠷ ᠠᠮᠲᠠ ᠪᠢᠯᠬᠠᠵᠤ ᠪᠠᠶᠢᠯ᠎ᠠ᠃ ᠭᠤᠯᠢᠷ ᠨᠤᠬᠤᠵᠤ᠂ ᠪᠠᠩᠰᠢ ᠪᠠᠷᠢᠵᠤ᠂ ᠨᠠᠩᠭᠢ ᠪᠣᠣᠪᠤ ᠪᠤᠴᠠᠯᠭᠠᠵᠤ᠂ ᠭᠠᠭ᠋ᠠᠢ ᠶᠢᠨ ᠮᠢᠬ᠎ᠠ ᠬᠡᠷᠴᠢᠵᠦ᠂ ᠬᠦᠴᠢᠲᠡᠢ ᠨᠣᠭᠤᠭ᠎ᠠ ᠬᠢᠵᠦ ᠁ ᠠᠵᠢᠯᠲᠠᠳ ᠥᠷᠯᠥᠭᠡ ᠡᠷᠲᠡᠬᠡᠨ ᠠᠵᠢᠯ ᠤᠨ ᠪᠠᠶᠢᠷᠢ ᠳᠤ ᠪᠠᠨ ᠢᠷᠡᠵᠦ᠂ ᠨᠠᠰᠤᠲᠠᠶᠢᠴᠤᠳ ᠲᠤ ᠬᠤᠭᠤᠯᠠ ᠪᠡᠯᠡᠳᠬᠡᠨ ᠥᠭᠴᠦ᠂ ᠨᠠᠰᠤᠲᠠᠶᠢᠴᠤᠳ ᠲᠤ ᠨᠠᠩ ᠰᠢᠮ᠎ᠡ ᠲᠡᠵᠢᠭᠡᠯ ᠡᠷᠡᠭᠦᠯ ᠴᠢᠭᠢᠷᠠᠭ ᠢᠳᠡᠭᠦᠯᠵᠦ᠂ ᠥᠲᠡᠯᠦᠭᠡ ᠨᠠᠰᠤᠨ ᠤ ᠠᠮᠢᠳᠤᠷᠠᠯ ᠢ  ᠨᠢ ᠰᠠᠶᠢᠵᠢᠷᠠᠭᠤᠯᠵᠤ ᠪᠠᠶᠢᠨ᠎ᠠ᠃ ᠳᠡᠮᠡᠢ ᠤᠳᠠᠯ ᠦᠭᠡᠢ᠂ ᠠᠯᠲᠠᠨ ᠰᠢᠷᠭᠠᠯ ᠲᠣᠰᠣᠨ ᠳᠤ ᠪᠤᠴᠠᠯᠭᠠᠭᠰᠠᠨ ᠨᠠᠩᠭᠢ ᠪᠣᠣᠪᠤ᠂ ᠬᠠᠯᠠᠭᠤᠨ ᠠᠭᠤᠷ ᠪᠢᠯᠬᠠᠭᠰᠠᠨ ᠭᠠᠭ᠋ᠠᠢ ᠶᠢᠨ ᠮᠢᠬᠠᠨ ᠬᠤᠰᠢᠮᠠᠭ ᠵᠠᠭᠤᠰᠢ ᠶᠢ  ᠲᠣᠭᠤᠭᠠᠨ ᠠᠴᠠ ᠭᠠᠷᠭᠠᠵᠤ᠂ ᠨᠠᠰᠤᠲᠠᠶᠢᠴᠤᠳ ᠬᠦᠷᠢᠶᠡᠯᠡᠨ ᠰᠠᠭᠤᠵᠤ᠂ ᠨᠢᠭᠡ ᠲᠠᠯ᠎ᠠ ᠪᠠᠷ ᠲᠣᠰᠣᠨ ᠳᠤ ᠪᠤᠴᠠᠯᠭᠠᠭᠰᠠᠨ ᠨᠠᠩᠭᠢ ᠪᠣᠣᠪᠤ ᠢᠳᠡᠵᠦ ᠨᠢᠭᠡ ᠲᠠᠯ᠎ᠠ ᠪᠠᠷ ᠵᠣᠭᠤᠭ ᠳᠡᠯᠭᠡᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠡᠶ᠎ᠡ ᠡᠪᠲᠡᠢ ᠨᠠᠶᠢᠷᠠᠮᠳᠠᠭᠤ ᠪᠠᠶᠢᠵᠤ᠂ ᠪᠦᠬᠦ᠋ᠢᠯᠡ ᠬᠤᠭᠤᠯᠠᠨ ᠭᠡᠷ ᠲᠤ ︽ᠭᠡᠷ︾ ᠤᠨ ᠬᠠᠯᠠᠭᠤᠨ ᠳᠤᠯᠠᠭᠠᠨ ᠪᠢᠯᠬᠠᠨ᠎ᠠ᠃      ᠴᠣᠩᠬᠤᠨ ᠤ ᠬᠤᠸᠠᠷ ᠨᠠᠭᠠᠬᠤ᠂ ᠵᠢᠯ ᠤᠨ ᠪᠠᠷᠠᠭ᠎ᠠ ᠬᠢᠬᠦ ᠠᠴᠠ ᠭᠠᠳᠠᠨ᠎ᠠ᠂ ᠴᠠᠭᠠᠨ ᠰᠠᠷ᠎ᠠ ᠶᠢᠨ ᠦᠶ᠎ᠡ ᠳᠤ ᠠᠶᠢᠯ ᠡᠷᠦᠬᠡ ᠪᠦᠷᠢ ᠶᠡᠭᠡ ᠴᠡᠪᠡᠷᠯᠡᠭᠡ ᠬᠢᠵᠦ᠂ ︽ᠬᠠᠭᠤᠴᠢᠨ ᠲᠣᠭᠤᠰᠣ ᠪᠠᠨ ᠠᠷᠢᠯᠭᠠᠵᠤ︾᠂ ᠬᠠᠭᠤᠴᠢᠨ ᠵᠢᠯ ᠤᠨ ᠠᠵᠠ ᠦᠭᠡᠶᠢᠳᠡᠯ ᠪᠠ ᠵᠣᠪᠠᠭᠤᠷᠢ ᠵᠦᠳᠡᠭᠦᠷᠢ ᠪᠠᠨ ᠠᠷᠢᠯᠭᠠᠵᠤ᠂ ᠰᠢᠨ᠎ᠡ ᠨᠢᠭᠡ ᠵᠢᠯ ᠤᠨ ᠵᠣᠯ ᠵᠢᠷᠭᠠᠯ ᠠᠮᠤᠷ ᠠᠮᠤᠭᠤᠯᠠᠩ ᠢ ᠬᠦᠰᠡᠨ ᠵᠥᠩᠨᠡᠳᠡᠭ᠃      ᠵᠠᠩ ᠼᠦᠨ ᠲᠢᠶᠠᠨ ᠨᠠᠰᠤᠲᠠᠨ ᠠᠪᠤ ᠶᠢᠨ ᠭᠡᠷ ᠲᠤ ᠶᠡᠭᠡ ᠴᠡᠪᠡᠷᠯᠡᠭᠡ ᠬᠢᠵᠦ ᠪᠠᠶᠢᠨ᠎ᠠ᠃ ᠠᠵᠢᠯᠲᠠᠳ ᠭᠡᠷ ᠲᠤ  ᠨᠢ ᠠᠯᠬᠤᠨ ᠣᠷᠣᠮᠠᠭᠴᠠ ᠶᠠᠭᠠᠷᠠᠯᠲᠠᠢ ᠪᠠᠷ ᠴᠡᠪᠡᠷᠯᠡᠬᠦ ᠠᠵᠢᠯ ᠳᠤ ᠣᠷᠣᠯᠴᠠᠵᠤ᠂ ᠡᠳ᠋ᠯᠡᠯ ᠬᠡᠷᠡᠭᠰᠡᠯ ᠢ ᠵᠦᠯᠭᠦᠵᠦ ᠠᠷᠴᠢᠨ᠂ ᠥᠯᠥᠭ ᠡᠳ᠋ ᠢ ᠡᠮᠬᠢᠯᠡᠵᠦ ᠲᠢᠭᠯᠡᠨ᠂ ᠰᠢᠯ ᠵᠦᠯᠭᠦᠵᠦ᠂ ᠭᠤᠭᠴᠤᠭ᠎ᠠ ᠨᠢᠭᠡ ᠪᠦᠷᠢ ᠶᠢ ᠴᠥᠮ ᠨᠠᠷᠢᠨ ᠬᠢᠨᠠᠮᠠᠭᠠᠢ ᠬᠢᠵᠦ᠂ ᠨᠢᠭᠡ ᠤᠳᠠᠭᠠᠨ ᠤ ᠰᠢᠷᠭᠠᠭᠤ ᠬᠥᠳᠡᠯᠮᠦᠷᠢ ᠪᠠᠷ ᠳᠠᠮᠵᠢᠨ᠂ ᠨᠠᠰᠤᠲᠠᠨ ᠤ ᠭᠡᠷ ᠴᠤ ᠴᠣ ᠰᠢᠨ᠎ᠡ ᠪᠠᠶᠢᠳᠠᠯ ᠲᠠᠢ ᠪᠣᠯᠪᠠ᠃ ᠨᠠᠷᠢᠨ ᠬᠢᠨᠠᠮᠠᠭᠠᠢ ᠴᠡᠪᠡᠷᠯᠡᠬᠦ ᠶᠢᠨ ᠬᠠᠮᠲᠤ᠂ ᠠᠵᠢᠯᠲᠠᠳ ᠪᠠᠰᠠ ᠨᠠᠰᠤᠲᠠᠨ ᠤ ᠤᠢᠢᠷ᠎ᠠ ᠶᠢᠨ ᠬᠤᠭᠤᠴᠠᠭᠠᠨ ᠤ ᠪᠡᠶ᠎ᠡ ᠶᠢᠨ ᠪᠠᠶᠢᠳᠠᠯ᠂ ᠢᠳᠡᠵᠦ ᠤᠤᠭᠤᠬᠤ ᠤᠨᠲᠠᠵᠤ ᠬᠡᠪᠲᠡᠬᠦ ᠵᠡᠷᠭᠡ ᠶᠢ ᠬᠠᠯᠠᠮᠵᠢᠯᠠᠨ ᠠᠰᠠᠭᠤᠵᠤ᠂ ᠨᠠᠰᠤᠲᠠᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠢ ᠤᠷᠢᠳᠴᠢᠯᠠᠨ ᠳᠡᠪᠰᠢᠭᠦᠯᠦᠭᠰᠡᠨ ᠪᠠᠶᠢᠨ᠎ᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠡᠶᠢᠮᠦ ᠨᠢᠭᠡ ᠲᠥᠷᠥᠯ ᠵᠦᠢᠯ ᠪᠠᠶᠢᠵᠤ᠂ ᠮᠠᠨ ᠤ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠰᠢᠯ ᠵᠦᠯᠭᠦᠵᠦ᠂ ᠭᠡᠷ ᠴᠡᠪᠡᠷᠯᠡᠵᠦ ᠥᠭᠭᠦᠭᠡᠳ ᠪᠢᠳᠠᠨ ᠢ ᠴᠡᠪᠡᠷ ᠴᠡᠮᠴᠡᠭᠡᠷ ᠢᠶᠠᠷ ᠰᠢᠨ᠎ᠡ ᠵᠢᠯ ᠢᠶᠠᠨ ᠤᠭᠲᠤᠭᠤᠯᠵᠤ᠂ ᠵᠢᠯ ᠤᠨ ᠦᠨᠦᠷ ᠠᠮᠲᠠ ᠤᠯᠠᠮ ᠥᠳᠬᠡᠷᠡᠭᠰᠡᠨ ᠪᠠᠶᠢᠨ᠎ᠠ︕︾ ᠭᠡᠵᠦ ᠴᠡᠪᠡᠷ ᠴᠡᠮᠴᠡᠭᠡᠷ ᠭᠡᠷ ᠢᠶᠠᠨ ᠦᠵᠡᠭᠡᠳ ᠵᠠᠩ ᠨᠠᠰᠤᠲᠠᠨ ᠠᠪᠤ ᠬᠡᠯᠡᠪᠡ᠃      ᠬᠤᠣᠰ ᠤᠶᠠᠩᠭ᠎ᠠ᠂ ᠴᠣᠩᠬᠤᠨ ᠬᠤᠸᠠᠷ᠂ ᠰᠢᠨ᠎ᠡ ᠬᠤᠪᠴᠠᠰᠤ᠂ ᠲᠣᠭᠤᠰᠣ ᠠᠷᠢᠯᠭᠠᠬᠤ ᠁ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ᠂ ᠤᠯᠠᠮ ᠠᠴᠠ ᠤᠯᠠᠮ ᠣᠯᠠᠨ ᠨᠠᠰᠤᠲᠠᠶᠢᠴᠤᠳ ᠤᠨ ᠵᠣᠯ ᠵᠢᠷᠭᠠᠯ ᠨᠢ᠂ ᠨᠢᠭᠡ ᠡᠷᠢᠨ ᠤ ᠲᠠᠩᠰᠤᠭ ᠬᠤᠭᠤᠯᠠ᠂ ᠨᠢᠭᠡ ᠤᠳᠠᠭᠠᠨ ᠤ ᠦᠢᠯᠡᠴᠢᠯᠡᠭᠡ᠂ ᠨᠢᠭᠡ ᠴᠠᠭ ᠤᠨ ᠬᠠᠨᠢ ᠪᠣᠯᠬᠤ ᠳᠤᠮᠳᠠ ᠨᠠᠷᠢᠯᠢᠭ ᠪᠣᠳᠠᠲᠠᠶᠢᠵᠢᠪᠠ᠃ ᠴᠠᠭᠠᠨ ᠰᠠᠷ᠎ᠠ  ᠪᠣᠯᠵᠤ᠂ ᠵᠢᠯ ᠤᠨ ᠦᠨᠦᠷ ᠠᠮᠲᠠ ᠥᠳᠬᠡᠨ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ︽ᠨᠢᠭᠡ ᠨᠠᠰᠤᠲᠠᠨ︾ ᠨᠡᠶᠢᠭᠡᠮ ᠤᠨ ᠪᠠᠲᠤᠯᠠᠭ᠎ᠠ ᠪᠣᠯᠤᠨ ᠦᠢᠯᠡᠴᠢᠯᠡᠭᠡᠨ ᠤ ᠠᠮᠤᠷ ᠲᠦᠪᠰᠢᠨ ᠤ ᠲᠣᠣᠷ ᠢ ᠪᠠᠲᠤ ᠪᠠᠬᠢ ᠰᠦᠯᠵᠢᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠠᠯᠠᠭᠤᠨ ᠳᠤᠯᠠᠭᠠᠨ ᠵᠢᠷᠤᠭ ᠤᠨ ᠡᠪᠬᠡᠮᠡᠯ ᠤᠳ ᠶᠠᠭ ᠠᠯᠭᠤᠷᠬᠠᠨ ᠳᠡᠯᠭᠡᠭᠳᠡᠵᠦ ᠪᠣᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号