ᠴᠠᠭᠠᠨ ᠰᠠᠷ᠎ᠠ ᠣᠶᠢᠷᠠᠳᠴᠤ᠂ ᠶᠠᠭ ᠭᠠᠯ᠂ ᠴᠠᠬᠢᠯᠭᠠᠨ᠂ ᠲᠣᠰᠣ᠂ ᠬᠡᠢ ᠬᠡᠷᠡᠭᠯᠡᠬᠦ ᠣᠷᠭᠢᠯ ᠦᠶ᠎ᠡ ᠪᠣᠯᠵᠤ᠂ | ᠬᠥᠮᠦᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ ᠲᠥᠪᠯᠡᠷᠡᠭᠡᠳ᠂ ᠭᠠᠯ ᠤᠨ ᠠᠶᠤᠯ ᠬᠢᠯᠪᠠᠷᠬᠠᠨ ᠭᠠᠷᠬᠤ ᠲᠤᠯᠠ | ᠂ ᠥᠷᠭᠡᠨ ᠣᠯᠠᠨ ᠲᠦᠮᠡᠨ ᠤ ᠠᠮᠤᠷ ᠲᠦᠪᠰᠢᠨ᠂ ᠡᠶ᠎ᠡ ᠨᠠᠶᠢᠷᠠᠮᠳᠠᠭᠤ ᠴᠠᠭᠠᠨ ᠰᠠᠷ᠎ᠠ ᠶᠢᠨ ᠪᠠᠶᠠᠷ ᠢᠶᠠᠨ | ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠴᠠ ᠥᠷᠭᠡᠨ ᠣᠯᠠᠨ ᠠᠷᠠᠳ ᠲᠦᠮᠡᠨ ᠳᠤ ᠴᠠᠭᠠᠨ ᠰᠠᠷ᠎ᠠ ᠶᠢᠨ | ᠪᠠᠶᠠᠷ ᠤᠨ ᠬᠤᠭᠤᠴᠠᠭᠠᠨ ᠳᠤ ᠤᠬᠠᠮᠰᠠᠷ ᠠᠴᠠ ᠪᠠᠨ ᠰᠡᠷᠭᠡᠶᠢᠯᠡᠯᠲᠡ ᠪᠠᠨ ᠴᠢᠩᠭᠠᠳᠬᠠᠵᠤ᠂ ᠭᠠᠯ ᠤᠨ ᠠᠶᠤᠯ ᠤᠨ | ᠳᠠᠯᠳᠠ ᠭᠡᠮ ᠢ ᠠᠷᠢᠯᠭᠠᠵᠤ᠂ ᠰᠠᠶᠢᠨ ᠰᠠᠶᠢᠬᠠᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠣᠷᠴᠢᠨ ᠲᠣᠭᠤᠷᠢᠨ ᠢ | ᠬᠠᠮᠲᠤ ᠪᠠᠷ ᠪᠣᠢ ᠪᠣᠯᠭᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ ᠠᠮᠤᠷ ᠲᠦᠪᠰᠢᠨ ᠢ ᠳᠠᠳᠬᠠᠯ ᠪᠣᠯᠭᠠᠵᠤ᠂ | ᠬᠥᠮᠦᠨ ᠪᠦᠬᠦᠨ ᠭᠠᠯ ᠢ ᠰᠡᠷᠭᠡᠶᠢᠯᠡᠶ᠎ᠡ᠃ | ᠭᠡᠷ ᠪᠦᠯᠢ ᠶᠢᠨ ᠭᠠᠯ ᠢ ᠰᠡᠷᠭᠡᠶᠢᠯᠡᠬᠦ ᠲᠥᠷᠥᠯ | ︽ᠭᠤᠷᠪᠠ ᠶᠢ ᠴᠡᠪᠡᠷᠯᠡᠵᠦ ᠭᠤᠷᠪᠠ ᠶᠢ ᠬᠠᠭᠠᠬᠤ︾ ᠶᠢ ᠪᠠᠲᠤ ᠴᠡᠭᠡᠵᠢᠯᠡᠬᠦ | 1. ᠲᠤᠭᠤᠭᠠᠨ ᠭᠡᠷ ᠢᠶᠠᠨ ᠴᠡᠪᠡᠷᠯᠡᠬᠦ | ᠲᠣᠭᠤᠭᠠᠨ ᠭᠡᠷ ᠪᠣᠯ ᠭᠡᠷ ᠪᠦᠯᠢ ᠶᠢᠨ ᠭᠠᠯ ᠬᠠᠮᠤᠭ ᠠᠷᠪᠢᠨ ᠬᠡᠷᠡᠭᠯᠡᠬᠦ ᠭᠠᠵᠠᠷ ᠪᠠᠶᠢᠵᠤ᠂ ᠲᠣᠭᠤᠭᠠᠨ ᠭᠡᠷ ᠢ | ᠴᠡᠪᠡᠷᠯᠡᠬᠦ ᠶᠢᠨ ᠭᠤᠣᠯᠳᠠᠯᠭ᠎ᠠ ᠨᠢ ᠲᠣᠰᠣ᠂ ᠴᠠᠭᠠᠰᠤ᠂ ᠪᠦᠰ ᠵᠡᠷᠭᠡ ᠨᠣᠴᠣᠮᠠᠲᠠᠭᠠᠢ ᠪᠣᠳᠠᠰ᠂ ᠰᠢᠲᠠᠮᠠᠬᠠᠢ ᠪᠣᠳᠠᠰ ᠢ | ᠵᠤᠤᠬ᠎ᠠ ᠵᠡᠷᠭᠡ ᠭᠠᠯ ᠤᠨ ᠡᠬᠢ ᠠᠴᠠ ᠬᠤᠯᠠ ᠪᠠᠶᠢᠯᠭᠠᠨ᠎ᠠ᠃ ᠡᠭᠦᠨ ᠤ ᠬᠠᠮᠲᠤ ᠪᠠᠰᠠ ᠤᠲᠤᠭ᠎ᠠ ᠲᠣᠭᠤᠰᠣ ᠲᠠᠲᠠᠬᠤ | ᠮᠠᠰᠢᠨ᠂ ᠰᠢᠲᠠᠮᠠᠬᠠᠶ ᠬᠡᠢ ᠶᠢᠨ ᠵᠤᠤᠬ᠎ᠠ ᠶᠢᠨ ᠬᠡᠷᠡᠭᠰᠡᠯ ᠢ ᠲᠣᠭᠲᠠᠩᠭᠤᠢ ᠴᠡᠪᠡᠷᠯᠡᠵᠦ᠂ ᠭᠠᠯ ᠤᠨ ᠰᠣᠷ ᠲᠣᠰᠣᠨ ᠤ | ᠲᠠᠭ ᠢ ᠨᠣᠴᠣᠭᠠᠵᠤ ᠭᠠᠯ ᠤᠨ ᠠᠶᠤᠯ ᠡᠭᠦᠰᠬᠦ ᠪᠣᠯᠤᠮᠵᠢ ᠶᠢ ᠡᠷᠡᠰ ᠬᠤᠷᠢᠭᠯᠠᠬᠤ ᠬᠡᠷᠡᠭᠲᠡᠶ᠃ | 2. ᠨᠠᠷᠠᠪᠴᠢ ᠪᠠᠨ ᠴᠡᠪᠡᠷᠯᠡᠬᠦ | ᠨᠠᠷᠠᠪᠴᠢᠨ ᠳᠡᠭᠡᠷᠡᠬᠢ ᠥᠯᠥᠭ ᠡᠳ᠋᠂ ᠣᠨᠴᠠᠭᠠᠶᠢᠯᠠᠨ ᠴᠠᠭᠠᠰᠤᠨ ᠬᠠᠶᠢᠷᠴᠠᠭ᠂ ᠴᠠᠭᠠᠰᠤᠨ ᠬᠠᠯᠢᠰᠤ᠂ | ᠰᠦᠯᠢᠶᠣᠤ ᠵᠡᠷᠭᠡ ᠨᠣᠴᠣᠮᠠᠲᠠᠭᠠᠢ ᠪᠣᠳᠠᠰ ᠢ ᠴᠠᠭ ᠲᠤᠬᠠᠢ ᠳᠤ ᠨᠢ ᠴᠡᠪᠡᠷᠯᠡᠬᠦ ᠬᠡᠷᠡᠭᠲᠡᠢ᠃ ᠤᠷᠲᠤ ᠬᠤᠭᠤᠴᠠᠭ᠎ᠠ ᠪᠠᠷ | ᠭᠠᠳᠠᠭᠰᠢ ᠭᠠᠷᠬᠤ ᠳᠤ ᠪᠠᠨ ᠡᠭᠦᠳᠡ ᠴᠣᠩᠬᠤ ᠪᠠᠨ ᠬᠠᠭᠠᠵᠤ᠂ ᠭᠠᠯ ᠤᠨ ᠣᠴᠢ ᠭᠡᠷ ᠲᠤ ᠣᠷᠣᠵᠤ ᠭᠠᠯ ᠤᠨ ᠠᠶᠤᠯ | ᠭᠠᠷᠬᠤ ᠠᠴᠠ ᠰᠡᠷᠭᠡᠶᠢᠯᠡᠬᠦ ᠬᠡᠷᠡᠭᠲᠡᠶ᠃ | 3. ᠶᠠᠪᠤᠬᠤ ᠵᠠᠮ ᠢᠶᠠᠨ ᠴᠡᠪᠡᠷᠯᠡᠬᠦ | ᠶᠠᠪᠤᠬᠤ ᠵᠠᠮ᠂ ᠠᠰᠠᠷ ᠤᠨ ᠱᠠᠲᠤᠨ ᠤ ᠦᠨᠴᠦᠭ ᠪᠣᠯᠣᠩ᠂ ᠭᠠᠵᠠᠷ ᠳᠣᠤᠷᠠᠬᠢ ᠥᠷᠥᠭᠡ ᠵᠡᠷᠭᠡ ᠪᠠᠶᠢᠷᠢ ᠳᠤ | ᠥᠯᠥᠭ ᠡᠳ᠋᠂ ᠨᠣᠴᠣᠮᠠᠲᠠᠭᠠᠶ ᠪᠣᠳᠠᠰ ᠣᠪᠣᠭᠠᠯᠠᠵᠤ ᠪᠣᠯᠬᠤ ᠥᠬᠡᠶ︔ ᠴᠠᠬᠢᠯᠭᠠᠨ ᠬᠥᠳᠡᠯᠭᠡᠭᠦᠷᠲᠦ ᠲᠡᠷᠭᠡ ᠶᠢ | ᠠᠰᠠᠷ ᠤᠨ ᠱᠠᠲᠤᠨ ᠤ ᠲᠠᠰᠤᠯᠭ᠎ᠠ᠂ ᠲᠠᠷᠬᠠᠭᠠᠨ ᠨᠡᠪᠲᠡᠷᠡᠭᠦᠯᠬᠦ ᠵᠠᠮ᠂ ᠠᠮᠤᠷ ᠲᠦᠪᠰᠢᠨ ᠭᠠᠷᠴᠠ ᠳᠤ ᠴᠠᠬᠢᠯᠭᠠᠨ | ᠴᠡᠨᠡᠭᠯᠡᠵᠦ ᠪᠣᠯᠬᠤ ᠥᠬᠡᠶ᠂ ᠴᠠᠬᠢᠯᠭᠠᠨ ᠴᠡᠨᠡᠭᠯᠡᠬᠦ ᠴᠠᠭ ᠨᠢ ᠬᠡᠲᠦ ᠣᠷᠳᠣ ᠪᠠᠶᠢᠵᠤ ᠪᠣᠯᠬᠤ ᠥᠬᠡᠶ ᠪᠥᠭᠡᠳ ᠡᠷᠬᠢᠨ | ᠲᠣᠭᠤᠷᠢᠨ ᠳᠤ ᠨᠢ ᠰᠢᠲᠠᠮᠠᠬᠠᠶ ᠪᠣᠳᠠᠰ ᠪᠠᠶᠢᠵᠤ ᠪᠣᠯᠬᠤ ᠥᠬᠡᠶ᠃ ᠴᠠᠬᠢᠯᠭᠠᠨ ᠳᠡᠭᠡᠰᠦᠨ ᠬᠤᠳᠳᠤᠭ ᠪᠠ ᠴᠠᠬᠢᠯᠭᠠᠨ | ᠱᠠᠲᠤᠨ ᠤ ᠬᠤᠳᠳᠤᠭ ᠲᠤ ᠥᠯᠥᠭ ᠡᠳ᠋ ᠣᠪᠣᠭᠠᠯᠠᠬᠤ ᠦᠭᠡᠢ᠂ ᠭᠠᠯ ᠤᠨᠲᠠᠷᠠᠭᠠᠬᠤ ᠨᠡᠪᠲᠡᠷᠡᠬᠦ ᠵᠠᠮ᠂ ᠠᠮᠤᠷ | ᠲᠦᠪᠰᠢᠨ ᠭᠠᠷᠴᠠ ᠪᠠ ᠲᠠᠷᠬᠠᠭᠠᠨ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | 4. ᠭᠠᠯ ᠤᠨ ᠡᠬᠢ ᠶᠢ ᠬᠠᠭᠠᠬᠤ | ᠰᠢᠲᠠᠮᠠᠬᠠᠢ ᠬᠡᠢ ᠶᠢᠨ ᠵᠤᠤᠬ᠎ᠠ᠂ ᠰᠫᠢᠷᠲ ᠵᠤᠤᠬ᠎ᠠ ᠵᠡᠷᠭᠡ ᠭᠠᠯ ᠤᠨ ᠡᠬᠢ ᠶᠢ ᠬᠡᠷᠡᠭᠯᠡᠵᠦ ᠪᠠᠷᠠᠭᠰᠠᠨ ᠤ | ᠳᠠᠷᠠᠭ᠎ᠠ ᠭᠠᠯ ᠤᠨ ᠡᠬᠢ ᠶᠢ ᠤᠨᠲᠠᠷᠠᠭᠠᠬᠤ ᠬᠡᠷᠡᠭᠲᠡᠢ᠃ ᠭᠡᠷ ᠳᠣᠲᠣᠷ᠎ᠠ ᠬᠥᠮᠥᠨ ᠲᠠᠮᠠᠬᠢ ᠲᠠᠲᠠᠭᠰᠠᠨ ᠦᠶ᠎ᠡ ᠳᠤ᠂ | ᠡᠷᠬᠡᠪᠰᠢ ᠲᠠᠮᠠᠬᠢᠨ ᠶᠣᠵᠣᠭᠤᠷ ᠢ ᠪᠦᠷᠢᠮᠦᠰᠦᠨ ᠤᠨᠲᠠᠷᠠᠭᠠᠵᠤ᠂ ᠲᠠᠮᠠᠬᠢᠨ ᠦᠨᠡᠰᠦᠨ ᠤ ᠰᠠᠪᠠ ᠪᠤᠶᠤ ᠰᠢᠯ᠂ | ᠲᠡᠮᠦᠷᠯᠢᠭ ᠵᠡᠷᠭᠡ ᠠᠮᠠᠷᠬᠠᠨ ᠨᠣᠴᠣᠬᠤ ᠦᠭᠡᠢ ᠪᠠᠭᠠᠵᠢ ᠬᠡᠷᠡᠭᠰᠡᠯ ᠳᠤ ᠬᠢᠵᠤ᠂ ᠳᠤᠷ᠎ᠠ ᠪᠠᠷ ᠢᠶᠠᠨ ᠬᠠᠶᠠᠵᠤ ᠪᠣᠯᠬᠤ | ᠦᠭᠡᠢ᠃ ᠬᠡᠦᠬᠡᠳ ᠲᠤ ᠪᠠᠨ ᠭᠠᠯ ᠢᠶᠠᠷ ᠨᠠᠭᠠᠳᠴᠤ ᠦᠯᠦ ᠪᠣᠯᠬᠤ ᠶᠢ ᠵᠢᠭᠠᠵᠤ ᠥᠭᠬᠦ ᠬᠡᠷᠡᠭᠲᠡᠢ᠂ ᠨᠣᠴᠣᠭᠠᠭᠤᠷ᠂ | ᠴᠦᠢᠳᠧᠩ ᠵᠡᠷᠭᠡ ᠶᠢ ᠬᠡᠦᠬᠡᠳ ᠤᠨ ᠦᠯᠦ ᠬᠦᠷᠬᠦ ᠭᠠᠵᠠᠷ ᠲᠠᠯᠪᠢᠬᠤ ᠬᠡᠷᠡᠭᠲᠡᠢ᠃ | 5. ᠴᠠᠬᠢᠯᠭᠠᠨ ᠡᠭᠦᠰᠭᠡᠭᠴᠢ ᠶᠢ ᠬᠠᠭᠠᠬᠤ | ᠭᠡᠷ ᠲᠤ ᠪᠠᠶᠢᠭ᠎ᠠ ᠨᠢᠯᠬᠠᠰ ᠨᠠᠰᠤᠲᠠᠶᠢᠴᠤᠳ ᠡᠪᠡᠳᠴᠢᠲᠡᠨ ᠵᠡᠮᠳᠡᠭᠴᠦᠳ ᠤᠨ ᠭᠠᠯ ᠢ ᠰᠡᠷᠭᠡᠶᠢᠯᠡᠬᠦ ᠠᠮᠤᠷ | ᠲᠦᠪᠰᠢᠨ ᠢ ᠠᠩᠬᠠᠷᠴᠤ᠂ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠶᠢ ᠰᠠᠨᠠᠭᠤᠯᠵᠤ᠂ ᠭᠠᠳᠠᠭᠰᠢ | ᠭᠠᠷᠬᠤ ᠳᠤ ᠪᠠᠨ ᠴᠠᠬᠢᠯᠭᠠᠨ ᠡᠭᠦᠰᠬᠡᠭᠴᠢ ᠶᠢ ᠭᠠᠷ ᠤᠨ ᠠᠶ᠎ᠠ ᠪᠠᠷ ᠬᠠᠭᠠᠵᠤ᠂ ᠴᠠᠬᠢᠯᠭᠠᠨ ᠡᠭᠦᠰᠬᠡᠭᠴᠢ ᠶᠢ | ᠬᠤᠪᠢ ᠪᠠᠷ ᠢᠶᠠᠨ ᠲᠠᠲᠠᠬᠤ ᠦᠭᠡᠢ᠂ ᠳᠠᠭᠠᠭᠠᠴᠠ ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠵᠦ ᠪᠣᠯᠬᠤ ᠦᠭᠡᠢ᠃ | 6. ᠬᠡᠢ ᠶᠢᠨ ᠰᠤᠷᠪᠤᠯᠵᠢ ᠶᠢ ᠬᠠᠭᠠᠬᠤ | ᠰᠢᠲᠠᠮᠠᠬᠠᠶ ᠬᠡᠶ ᠶᠢ ᠬᠡᠷᠡᠭᠯᠡᠵᠦ ᠪᠠᠷᠠᠭᠰᠠᠨ ᠤ ᠳᠠᠷᠠᠭ᠎ᠠ ᠰᠢᠲᠠᠮᠠᠬᠠᠶ ᠬᠡᠢ ᠶᠢᠨ ᠶᠡᠷᠦᠩᠬᠡᠶ ᠬᠠᠭᠠᠯᠲᠠ ᠶᠢ ᠴᠠᠭ | ᠲᠤᠬᠠᠶ ᠳᠤ ᠨᠢ ᠬᠠᠭᠠᠵᠤ᠂ ᠰᠢᠲᠠᠮᠠᠬᠠᠶ ᠬᠡᠢ ᠶᠢᠨ ᠬᠤᠭᠤᠯᠠᠶ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠶ᠂ | ᠰᠢᠲᠠᠮᠠᠬᠠᠶ ᠬᠡᠢ ᠶᠢᠨ ᠵᠥᠭᠡᠯᠡᠨ ᠬᠤᠭᠤᠯᠠᠶ ᠬᠠᠭᠤᠴᠢᠷᠠᠭᠰᠠᠨ᠂ ᠰᠠᠯᠤᠩᠭᠢᠷᠠᠭᠰᠠᠨ᠂ ᠬᠡᠢ ᠳᠤᠲᠠᠭᠠᠭᠰᠠᠨ ᠵᠡᠷᠭᠡ | ᠭᠠᠯ ᠤᠨ ᠠᠶᠤᠯ ᠤᠨ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ | ᠬᠡᠷᠡᠭᠲᠡᠶ᠃ | ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠲᠦᠷᠦᠯ | 1. ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ᠂ ᠦᠢᠯᠡᠳᠪᠦᠷᠢ ᠶᠢᠨ ᠠᠵᠤ ᠠᠬᠤᠶᠢᠯᠠᠯ ᠤᠳ ᠭᠠᠯ ᠢ | ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠲᠣᠭᠤᠷᠢᠨ | ᠪᠠᠶᠢᠴᠠᠭᠠᠵᠤ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠶᠢ ᠴᠢᠩᠭᠠᠳᠬᠠᠬᠤ ᠬᠡᠷᠡᠭᠲᠡᠶ | ᠃ | 2. ᠦᠢᠯᠡᠳᠪᠦᠷᠢ ᠶᠢᠨ ᠠᠵᠤ ᠠᠬᠤᠶᠢᠯᠠᠯ ᠤᠨ ᠳᠦᠷᠢᠮ ᠠᠴᠠ ᠵᠥᠷᠢᠴᠡᠨ ᠠᠵᠢᠯᠯᠠᠬᠤ ᠶᠢ ᠲᠠᠰᠤ | ᠵᠣᠭᠰᠣᠭᠠᠵᠤ᠂ ᠲᠣᠰᠣ᠂ ᠴᠠᠬᠢᠯᠭᠠᠨ᠂ ᠬᠡᠢ ᠬᠡᠷᠡᠭᠯᠡᠬᠦ ᠶᠢ ᠡᠷᠡᠰ ᠴᠠᠭᠠᠵᠠᠯᠠᠵᠤ᠂ ᠪᠠᠷᠢᠯᠭ᠎ᠠ ᠶᠢᠨ ᠲᠤᠬᠠᠶ ᠶᠢᠨ | ᠲᠠᠯᠠᠪᠠᠢ ᠳᠤ ᠲᠣᠭᠲᠠᠭᠠᠯ ᠠᠴᠠ ᠵᠥᠷᠢᠴᠡᠨ ᠢᠯᠡ ᠭᠠᠯ ᠬᠡᠷᠡᠭᠯᠡᠬᠦ ᠪᠤᠶᠤ ᠳᠤᠯᠠᠭᠠᠴᠠᠬᠤ ᠶᠢ ᠴᠢᠩᠭ᠎ᠠ ᠴᠠᠭᠠᠵᠠᠯᠠᠬᠤ | ᠬᠡᠷᠡᠭᠲᠡᠶ᠃ | 3. ᠦᠢᠯᠡᠳᠪᠦᠷᠢ ᠶᠢᠨ ᠠᠵᠤ ᠠᠬᠤᠶᠢᠯᠠᠯ ᠤᠳ ᠭᠠᠯ ᠤᠨᠲᠠᠷᠠᠭᠠᠬᠤ ᠪᠠ ᠲᠠᠷᠬᠠᠭᠠᠵᠤ ᠠᠮᠢ ᠵᠢᠭᠤᠲᠠᠬᠤ | ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ | ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | 4. ᠡᠪᠦᠯ ᠤᠨ ᠤᠯᠠᠷᠢᠯ ᠳᠤ ᠭᠠᠩ ᠬᠠᠭᠤᠷᠠᠶ᠂ ᠦᠢᠯᠡᠳᠪᠦᠷᠢ ᠶᠢᠨ ᠲᠣᠭᠤᠷᠢᠭ ᠤᠨ ᠳᠣᠲᠣᠷᠠᠬᠢ ᠰᠢᠲᠠᠮᠠᠬᠠᠶ | ᠥᠯᠥᠭ ᠪᠣᠳᠠᠰ ᠢ ᠴᠠᠭ ᠲᠤᠬᠠᠶ ᠳᠤ ᠨᠢ ᠴᠡᠪᠡᠷᠯᠡᠵᠦ᠂ ᠨᠣᠴᠣᠮᠠᠲᠠᠭᠠᠶ ᠡᠳ᠋ ᠦᠢᠯᠡᠳᠪᠦᠷᠢᠯᠡᠵᠦ ᠡᠳ᠋ᠰᠢᠭᠦᠯᠬᠦ ᠶᠢ | ᠪᠠᠷᠢᠮᠵᠢᠶ᠎ᠠ ᠶᠣᠰᠣᠭᠠᠷ ᠲᠥᠷᠥᠯ ᠬᠤᠪᠢᠶᠠᠨ ᠬᠠᠳᠠᠭᠠᠯᠠᠬᠤ ᠬᠡᠷᠡᠭᠲᠡᠶ᠃ | 5. ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ ᠵᠢᠵᠢᠭᠦᠷᠯᠡᠭᠴᠢ ᠶᠢ ᠭᠦᠢᠴᠡᠳ ᠦᠯᠡᠳᠡᠭᠡᠵᠦ᠂ | ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠨ᠂ ᠭᠠᠯ ᠤᠨ ᠠᠶᠤᠯ ᠭᠠᠷᠤᠮᠠᠭᠴᠠ ᠴᠠᠭ | ᠲᠤᠬᠠᠶ ᠳᠤ ᠨᠢ ᠰᠢᠢᠳᠪᠦᠷᠢᠯᠡᠬᠦ ᠶᠢᠨ ᠬᠠᠮᠲᠤ ︽119︾ ᠭᠠᠯ ᠲᠦᠢᠮᠡᠷ ᠤᠨ ᠰᠡᠷᠡᠮᠵᠢ ᠶᠢᠨ ᠤᠲᠠᠰᠤᠨ ᠳᠤ | ᠳᠠᠷᠤᠶᠢᠬᠠᠨ ᠤᠲᠠᠰᠤᠳᠠᠵᠤ ᠲᠦᠭᠰᠢᠭᠦᠷᠢ ᠮᠡᠳᠡᠭᠦᠯᠬᠦ ᠬᠡᠷᠡᠭᠲᠡᠶ᠃ | 6. ᠠᠮᠤᠷ ᠲᠦᠪᠰᠢᠨ ᠭᠠᠷᠴᠠ᠂ ᠲᠠᠷᠬᠠᠭᠠᠨ ᠨᠡᠪᠲᠡᠷᠡᠬᠦ ᠵᠠᠮ ᠪᠣᠯᠤᠨ ᠭᠠᠯ ᠤᠨᠲᠠᠷᠠᠭᠠᠬᠤ ᠲᠡᠷᠭᠡ ᠨᠡᠪᠲᠡᠷᠡᠬᠦ | ᠵᠠᠮ ᠢ ᠡᠵᠡᠯᠡᠨ ᠬᠡᠷᠡᠭᠯᠡᠬᠦ᠂ ᠪᠥᠭᠯᠡᠬᠦ ᠪᠤᠶᠤ ᠪᠢᠲᠡᠭᠦᠮᠵᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | 7. ᠭᠠᠯ ᠤᠨᠲᠠᠷᠠᠭᠠᠬᠤ ᠪᠡᠯᠡᠳᠬᠡᠮᠵᠢ ᠪᠠ ᠪᠠᠭᠠᠵᠢ ᠬᠡᠷᠡᠭᠰᠡᠯ ᠢ ᠴᠠᠭ ᠲᠤᠬᠠᠶ ᠳᠤ ᠨᠢ ᠠᠷᠠᠴᠢᠯᠠᠨ ᠬᠠᠮᠠᠭᠠᠯᠠᠵᠤ | ᠂ ᠭᠠᠯ ᠤᠨ ᠠᠶᠤᠯ ᠭᠠᠷᠬᠤ ᠦᠶ᠎ᠡ ᠳᠤ ᠬᠡᠪ ᠤᠨ ᠶᠣᠰᠣᠭᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠭᠠᠯ ᠤᠨ ᠠᠶᠤᠯ ᠠᠴᠠ ᠠᠮᠢ ᠵᠢᠭᠤᠲᠠᠬᠤ ᠲᠥᠷᠥᠯ | 1. ᠭᠠᠯ ᠲᠦᠢᠮᠡᠷ ᠲᠣᠬᠢᠶᠠᠯᠳᠤᠪᠠᠯ᠂ ᠴᠠᠭ ᠲᠤᠬᠠᠶ ᠳᠤ ᠨᠢ 119 ᠳᠤ ᠤᠲᠠᠰᠤᠳᠠᠵᠤ ᠲᠦᠭᠰᠢᠭᠦᠷᠢ | ᠮᠡᠳᠡᠭᠦᠯᠦᠭᠡᠷᠡᠶ︔ ᠬᠠᠵᠠᠭᠤ ᠬᠠᠪᠢ ᠳᠤ ᠭᠠᠯ ᠤᠨ ᠠᠶᠤᠯ ᠤᠨ ᠳᠠᠯᠳᠠ ᠭᠡᠮ ᠣᠷᠣᠰᠢᠵᠤ ᠪᠠᠶᠢᠬᠤ ᠶᠢ ᠰᠡᠷᠡᠵᠦ | ᠮᠡᠳᠡᠪᠡᠯ᠂ ᠴᠠᠭ ᠲᠤᠬᠠᠢ ᠳᠤ ᠨᠢ12345 ᠳᠤ ᠤᠲᠠᠰᠤᠳᠠᠵᠤ ᠢᠯᠡᠴᠢᠯᠡᠨ ᠮᠡᠳᠡᠭᠦᠯᠦᠭᠡᠷᠡᠢ᠃ | 2. ᠭᠠᠯ ᠤᠨ ᠠᠶᠤᠯ ᠳᠤ ᠲᠤᠯᠭᠠᠷᠠᠪᠠᠯ ᠳᠠᠷᠤᠶ ᠲᠦᠷᠭᠡᠨ ᠵᠥᠪ ᠢᠶᠠᠷ ᠠᠮᠢ ᠵᠢᠭᠤᠲᠠᠬᠤ ᠬᠡᠷᠡᠭᠲᠡᠶ᠂ ᠡᠳ᠋ | ᠬᠤᠭᠰᠢᠯ ᠳᠤ ᠰᠢᠨᠤᠬᠤ ᠦᠭᠡᠶ᠂ ᠴᠠᠬᠢᠯᠭᠠᠨ ᠱᠠᠲᠤᠨ ᠳᠤ ᠰᠠᠭᠤᠬᠤ ᠦᠭᠡᠶ᠂ ᠰᠣᠬᠤᠷ ᠪᠠᠯᠠᠶ ᠪᠠᠷ ᠠᠰᠠᠷ ᠠᠴᠠ | ᠦᠰᠦᠷᠬᠦ ᠦᠭᠡᠶ ᠪᠠᠶᠢᠬᠤ ᠬᠡᠷᠡᠭᠲᠡᠶ᠃ | 3. ᠭᠠᠯ ᠤᠨ ᠠᠶᠤᠯ ᠳᠤ ᠡᠷᠬᠡᠪᠰᠢ ᠥᠳᠬᠡᠨ ᠣᠲᠤᠭ᠎ᠠ ᠶᠢ ᠲᠤᠭᠤᠯᠵᠤ ᠠᠮᠢ ᠵᠢᠭᠤᠲᠠᠬᠤ ᠴᠢᠬᠤᠯᠠ ᠲᠠᠢ | ᠦᠶ᠎ᠡ ᠳᠤ ᠂ ᠴᠢᠳᠠᠬᠤ ᠶᠢᠨ ᠳᠣᠲᠣᠷ᠎ᠠ ᠨᠦᠢᠲᠠᠨ ᠬᠤᠪᠴᠠᠰᠤ ᠬᠤᠨᠠᠷ ᠢᠶᠠᠷ ᠲᠣᠯᠣᠭᠠᠢ ᠪᠠ ᠪᠡᠶ᠎ᠡ ᠪᠠᠨ ᠬᠠᠮᠠᠭᠠᠯᠠᠬᠤ | ᠬᠡᠷᠡᠭᠲᠡᠶ᠃ | 4᠂ ᠬᠤᠩᠭᠢᠯ᠂ ᠠᠰᠠᠷ ᠤᠨ ᠱᠠᠲᠤ ᠨᠢ ᠤᠲᠤᠭ᠎ᠠ ᠭᠠᠯ ᠳᠤ ᠪᠢᠲᠡᠭᠦᠮᠵᠢᠯᠡᠭᠳᠡᠭᠰᠡᠨ ᠣᠢᠶ᠎ᠠ ᠳᠤ᠂ | ᠬᠠᠰᠢᠭᠳᠠᠭᠰᠠᠨ ᠬᠥᠮᠦᠰ ᠠᠯᠢ ᠴᠢᠳᠠᠬᠤ ᠪᠠᠷ ᠵᠡᠭᠡᠯᠢ ᠳᠠᠭᠠᠤ ᠴᠣᠩᠬᠤ ᠪᠤᠶᠤ ᠨᠠᠷᠠᠪᠴᠢ ᠵᠡᠷᠭᠡ ᠬᠥᠮᠦᠨ ᠳᠤ ᠠᠮᠠᠷᠬᠠᠨ | ᠮᠡᠳᠡᠭᠳᠡᠬᠦ ᠬᠡᠰᠡᠭ ᠲᠤ ᠣᠶᠢᠷᠠᠲᠤᠵᠤ᠂ ᠠᠪᠤᠷᠠᠯ ᠭᠤᠶᠤᠬᠤ᠂ ᠬᠤᠪᠴᠠᠰᠤ ᠬᠤᠨᠠᠷ ᠢᠶᠠᠷ ᠳᠠᠯᠠᠯᠬᠤ᠂ ᠭᠠᠷ ᠳ᠋ᠧᠩ ᠢ | ᠭᠠᠳᠠᠭᠰᠢ ᠭᠡᠷᠡᠯᠲᠦᠭᠦᠯᠬᠦ ᠵᠡᠷᠭᠡ ᠠᠷᠭ᠎ᠠ ᠪᠠᠷ ᠠᠪᠤᠷᠠᠯ ᠡᠷᠢᠬᠦ ᠳᠣᠬᠢᠶ᠎ᠠ ᠭᠠᠷᠭᠠᠬᠤ ᠬᠡᠷᠡᠭᠲᠡᠢ᠃ | ᠴᠠᠬᠢᠯᠭᠠᠨ ᠬᠥᠳᠡᠯᠭᠡᠭᠦᠷᠲᠦ ᠲᠡᠷᠭᠡ ᠶᠢᠨ ᠲᠥᠷᠥᠯ | 1. ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠳᠤ ᠡᠷᠬᠡᠪᠰᠢ ᠦᠢᠯᠡᠳᠪᠦᠷᠢᠯᠡᠬᠦ | ᠵᠥᠪᠰᠢᠶᠡᠷᠡᠯ ᠤᠨ ᠦᠨᠡᠮᠯᠡᠯ ᠢ ᠨᠢ ᠣᠨᠣᠪᠴᠢᠲᠠᠶ ᠲᠠᠨᠢᠵᠤ᠂ ᠲᠤᠰᠬᠠᠶ ᠰᠡᠯᠪᠢᠨ ᠵᠠᠰᠠᠬᠤ ᠨᠢᠭᠡᠴᠢ ᠶᠢ ᠰᠣᠩᠭᠤᠵᠤ | ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠡᠷᠡᠭᠲᠡᠶ᠃ | 2. ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠠᠷᠢᠯᠭ᠎ᠠ ᠶᠢᠨ ᠡᠭᠦᠳᠡᠨ ᠲᠢᠩᠬᠢᠮ᠂ ᠲᠠᠷᠬᠠᠭᠠᠬᠤ | ᠠᠰᠠᠷ ᠤᠨ ᠱᠠᠲᠤ᠂ ᠶᠠᠪᠤᠬᠤ ᠵᠠᠮ ᠪᠠ ᠠᠮᠤᠷ ᠲᠦᠪᠰᠢᠨ ᠭᠠᠷᠴᠠ ᠳᠤ ᠲᠠᠯᠪᠢᠵᠤ ᠪᠣᠯᠬᠤ ᠥᠬᠡᠶ︔ ᠣᠷᠣᠨ | ᠰᠠᠭᠤᠴᠠ ᠶᠢᠨ ᠪᠠᠷᠢᠯᠭ᠎ᠠ ᠳᠣᠲᠣᠷ᠎ᠠ ᠴᠠᠬᠢᠯᠭᠠᠨ ᠴᠡᠨᠡᠭᠯᠡᠬᠦ ᠪᠠ ᠵᠣᠭᠰᠤᠭᠠᠵᠤ ᠪᠣᠯᠬᠤ ᠦᠭᠡᠢ᠂ ᠴᠠᠬᠢᠯᠭᠠᠨ | ᠴᠡᠨᠡᠭᠯᠡᠬᠦ ᠳᠤ ᠪᠠᠨ ᠰᠢᠲᠠᠮᠠᠬᠠᠶ ᠪᠣᠳᠠᠰ ᠠᠴᠠ ᠬᠤᠯᠠ ᠪᠠᠶᠢᠯᠭᠠᠵᠤ᠂ ᠴᠠᠬᠢᠯᠭᠠᠨ ᠴᠡᠨᠡᠭᠯᠡᠬᠦ ᠴᠠᠭ ᠨᠢ ᠬᠡᠲᠦ ᠣᠷᠳᠣ | ᠪᠠᠶᠢᠵᠤ ᠪᠣᠯᠬᠤ ᠥᠬᠡᠶ᠃ | ᠬᠤᠸᠠᠷ ᠫᠤᠤᠵᠢᠩ ᠤᠨ ᠲᠥᠷᠥᠯ | 1. ᠬᠢᠷᠢ ᠲᠡᠩᠴᠡᠭᠰᠡᠨ ᠬᠤᠸᠠᠷ ᠫᠤᠤᠵᠢᠩ ᠢ ᠬᠤᠳᠠᠯᠳᠤᠨ ᠠᠪᠴᠤ᠂ ᠲᠠᠯᠪᠢᠬᠤ ᠳᠤ ᠪᠠᠨ ᠠᠮᠤᠷ | ᠲᠦᠪᠰᠢᠨ ᠢᠶᠠᠷ ᠫᠤᠤᠵᠢᠩ ᠲᠠᠯᠪᠢᠬᠤ ᠲᠣᠭᠲᠠᠭᠠᠯ ᠢ ᠵᠢᠷᠤᠮᠯᠠᠨ᠂ ᠲᠣᠭᠲᠠᠭᠰᠠᠨ ᠭᠠᠵᠠᠷ ᠲᠤ ᠲᠠᠯᠪᠢᠵᠤ᠂ ᠰᠢᠲᠠᠮᠠᠬᠠᠶ | ᠪᠣᠳᠠᠰ ᠲᠠᠢ ᠭᠠᠵᠠᠷ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃ | 2. ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ᠂ ᠡᠷᠭᠢᠨ ᠲᠣᠭᠤᠷᠢᠨ ᠳᠤ ᠬᠤᠸᠠᠷ ᠫᠤᠤᠵᠢᠩ | ᠲᠠᠯᠪᠢᠬᠤ ᠳᠤ᠂ ᠡᠭᠦᠳᠡ ᠴᠣᠩᠬᠤ ᠪᠠᠨ ᠰᠠᠶᠢᠲᠤᠷ ᠬᠠᠭᠠᠵᠤ᠂ ᠨᠠᠷᠠᠪᠴᠢ ᠶᠢᠨ ᠥᠯᠥᠭ ᠪᠣᠳᠠᠰ ᠢ ᠴᠠᠭ ᠲᠤᠬᠠᠶ ᠳᠤ | ᠨᠢ ᠴᠡᠪᠡᠷᠯᠡᠵᠦ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 3. ᠬᠤᠸᠠᠷ ᠫᠤᠤᠵᠢᠩ ᠲᠠᠯᠪᠢᠬᠤ ᠳᠤ᠂ ᠣᠯᠠᠨ ᠬᠥᠮᠥᠨ᠂ ᠰᠠᠭᠤᠭᠠᠯᠢ ᠠᠷᠠᠳ ᠤᠨ ᠣᠷᠣᠨ ᠰᠠᠭᠤᠴᠠ᠂ | ᠣᠯᠠᠨ ᠨᠡᠶᠢᠲᠡ ᠶᠢᠨ ᠪᠠᠷᠢᠯᠭ᠎ᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ | ᠨᠣᠴᠣᠮᠠᠲᠠᠭᠠᠶ ᠳᠡᠯᠪᠡᠷᠡᠮᠡᠲᠡᠭᠡᠶ ᠠᠶᠤᠯ ᠲᠠᠢ ᠪᠣᠳᠠᠰ ᠤᠨ ᠲᠠᠯᠠᠪᠤᠷ ᠪᠠ ᠡᠪᠡᠰᠦᠨ ᠣᠪᠤᠭ᠎ᠠ ᠶᠢᠨ ᠡᠷᠬᠢᠨ | ᠲᠣᠭᠤᠷᠢᠨ ᠠᠴᠠ ᠬᠤᠯᠠ ᠵᠠᠶᠢᠳᠠᠭᠤ ᠪᠠᠶᠢᠬᠤ ᠶᠢ ᠠᠩᠬᠠᠷᠴᠤ᠂ ᠰᠢᠲᠠᠮᠠᠬᠠᠶ ᠮᠠᠲ᠋ᠧᠷᠢᠶᠠᠯ ᠢᠶᠠᠷ ᠭᠠᠳᠠᠨ᠎ᠠ ᠠᠴᠠ ᠨᠢ | ᠳᠤᠯᠠᠭᠠᠯᠠᠬᠤ ᠪᠠᠷᠢᠯᠭ᠎ᠠ ᠠᠴᠠ ᠬᠤᠯᠠ ᠵᠠᠶᠢᠳᠠᠭᠤ ᠪᠠᠶᠢᠬᠤ ᠬᠡᠷᠡᠭᠲᠡᠶ᠃ | |