ᠪᠠᠶᠠᠷᠯᠠᠯᠳᠤᠨ ᠬᠥᠭᠡᠷᠦᠯᠳᠦᠬᠦ ᠳᠠᠭᠤᠨ ᠬᠦᠮᠦᠰ ᠤᠨ ᠰᠡᠳᠬᠢᠯ ᠢ ᠭᠦᠭᠵᠢᠭᠡᠨ᠎ᠡ ᠃ 1 ᠰᠠᠷ᠎ᠠ ᠶᠢᠨ 26 ᠤ | ᠡᠳᠦᠷ᠂ ᠪᠤᠭᠤᠲᠤ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ 2025 ᠣᠨ ᠤ ᠪᠥᠬᠦ | ᠵᠢᠯ ᠤᠨ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠭᠠᠯ ᠤᠨᠲᠠᠷᠠᠭᠠᠬᠤ ᠶᠡᠭᠡ ᠠᠩᠭᠢ ᠪᠣᠯᠤᠨ ᠬᠠᠷᠢᠶᠠᠲᠤ ᠲᠦᠷᠪᠡᠳᠦᠭᠡᠷ ᠵᠡᠭᠡᠯᠢ ᠶᠢᠨ ᠭᠠᠯ ᠤᠨᠲᠠᠷᠠᠭᠠᠬᠤ ᠠᠪᠤᠷᠠᠨ | ᠲᠤᠰᠠᠯᠠᠬᠤ ᠥᠷᠲᠡᠭᠡ ᠪᠥᠬᠦ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠤᠳᠤᠷᠢᠳᠬᠤ | ᠪᠠᠭ ᠤᠨ ᠰᠢᠯᠭᠠᠨ ᠦᠨᠡᠯᠡᠯᠲᠡ ᠳᠤ ᠬᠤᠤᠰ ᠰᠢᠯᠢᠳᠡᠭ ᠬᠢᠷᠢ ᠪᠦᠳᠦᠮᠵᠢ ᠶᠢ ᠤᠯᠪᠠ᠃ | ᠨᠢᠭᠡ ᠨᠥᠬᠦᠷ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ︾ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ | ᠬᠡᠷᠡᠭ ᠤᠨ ᠵᠢᠱᠢᠶ᠎ᠡ ᠶᠢ ᠰᠢᠯᠭᠠᠷᠠᠭᠤᠯᠤᠭᠰᠠᠨ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃ | ᠳᠥᠷᠪᠡᠨ ᠨᠥᠬᠦᠷ ᠰᠠᠯᠪᠤᠷᠢ ᠠᠩᠭᠢ ᠶᠢᠨ ᠤᠯᠤᠰ ᠲᠥᠷᠥ ᠶᠢᠨ ᠠᠵᠢᠯ ᠤᠨ ᠰᠠᠬᠢᠯᠭ᠎ᠠ ᠪᠠᠲᠤ ᠪᠠᠶᠢᠴᠠᠭᠠᠬᠤ | ᠠᠵᠢᠯ ᠤᠨ ᠪᠠᠶᠢᠷᠢ ᠶᠢᠨ ᠲᠤᠬᠠᠶᠢᠯᠠᠭᠰᠠᠨ ᠠᠵᠢᠯ ᠤᠨ ᠮᠥᠷᠦ᠋ᠢᠴᠡᠭᠡᠨ ᠳᠤ ᠣᠷᠣᠯᠴᠠᠵᠤ᠂ ᠬᠤᠶᠠᠳᠤᠭᠠᠷ ᠲᠡᠰ ᠲᠤ | ᠣᠷᠣᠪᠠ᠃ | ᠨᠢᠭᠡ ᠨᠥᠬᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠪᠯᠡᠯ ᠤᠨ ᠠᠵᠢᠯ ᠤᠨ ᠮᠦᠷᠦᠶᠢᠴᠡᠬᠡᠨ ᠳᠤ | ᠣᠷᠣᠯᠴᠠᠵᠤ ᠭᠤᠷᠪᠠᠳᠤᠭᠠᠷ ᠳᠡᠰ ᠤᠨ ᠱᠠᠩᠨᠠᠯ ᠬᠦᠷᠲᠡᠪᠡ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠤᠰᠢᠭᠤᠨ ᠤ ︽3 · 8︾ ᠤ ᠤᠯᠠᠭᠠᠨ ᠲᠤᠭᠴᠢ ᠬᠠᠮᠲᠤ | ᠨᠡᠶᠢᠲᠡ ᠶᠢᠨ ᠱᠠᠩᠨᠠᠯ ᠢ ᠬᠦᠷᠲᠡᠪᠡ᠃ | ᠬᠤᠶᠠᠷ ᠨᠥᠬᠦᠷ ᠲᠤᠰ ᠲᠤᠰ ᠰᠠᠯᠪᠤᠷᠢ ᠠᠩᠬᠢ ᠪᠠᠨ ᠲᠥᠯᠥᠭᠡᠯᠡᠨ ᠶᠡᠷᠦᠩᠬᠡᠢ ᠠᠩᠬᠢ ᠶᠢᠨ ᠠᠷᠤ ᠲᠠᠯ᠎ᠠ ᠶᠢᠨ | ᠦᠢᠯᠡᠴᠢᠯᠡᠭᠡ᠂ ᠤᠯᠤᠰ ᠲᠦᠷᠦ ᠶᠢᠨ ᠠᠵᠢᠯ ᠤᠨ ᠮᠥᠷᠦ᠋ᠢᠴᠡᠭᠡᠨ ᠳᠤ ᠣᠷᠣᠯᠴᠠᠵᠤ᠂ ᠬᠠᠮᠲᠤ ᠶᠢᠨ ᠨᠢᠭᠡᠳᠦᠭᠡᠷ ᠪᠠ | ᠬᠤᠶᠠᠳᠤᠭᠠᠷ ᠲᠤ ᠤᠷᠤᠭᠰᠠᠨ ᠰᠠᠶᠢᠨ ᠬᠢᠷᠢ ᠪᠦᠲᠦᠮᠵᠢ ᠣᠯᠤᠭᠰᠠᠨ ᠤ ᠬᠠᠮᠲᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠦᠷᠳᠡᠭᠡ ᠶᠢᠨ ᠨᠢᠭᠡ ᠨᠥᠬᠦᠳ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠠᠢ᠃ | ᠨᠢᠭᠡ ᠵᠢᠯ ᠤᠨ ᠲᠤᠷᠰᠢ᠂ ᠰᠠᠯᠪᠤᠷᠢ ᠠᠩᠬᠢ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠳᠠᠷᠬᠠᠨ ᠮᠤᠤᠮᠢᠩᠭᠠᠨ ᠬᠤᠯᠪᠤᠭᠠᠳᠤ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠤᠨ ᠵᠣᠷᠢᠭ | ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ᠂ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ᠂ ᠠᠮᠤᠷ ᠲᠦᠪᠰᠢᠨ ᠢᠶᠠᠷ ᠬᠥᠭᠵᠢᠬᠦ︾ ᠶᠡᠷᠦᠩᠬᠡᠢ ᠬᠦᠭ ᠠᠶᠠᠰ ᠢ ᠢᠮᠠᠭᠲᠠ ᠪᠠᠷᠢᠮᠲᠠᠯᠠᠵᠤ᠂ | ᠭᠠᠯ ᠤᠨᠲᠠᠷᠠᠭᠠᠬᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠬᠦᠴᠦᠯᠡᠨ ᠠᠬᠢᠭᠤᠯᠵᠤ᠂ ᠨᠡᠶᠢᠭᠡᠮ ᠤᠨ ᠲᠠᠯ᠎ᠠ ᠶᠢᠨ ᠭᠠᠯ ᠤᠨ ᠭᠠᠮᠰᠢᠭ ᠤᠨ ᠪᠠᠶᠢᠳᠠᠯ ᠪᠣᠯᠤᠨ ᠡᠩᠨᠡᠭᠡᠨ ᠤ | ᠳᠣᠲᠣᠭᠠᠳᠤ ᠶᠢᠨ ︽ᠬᠤᠶᠠᠷ ᠢ ᠲᠣᠭᠲᠠᠭᠤᠨ ᠪᠠᠶᠢᠯᠭᠠᠬᠤ︾ ᠶᠢ ᠬᠦᠴᠦᠲᠡᠢ ᠪᠠᠲᠤᠯᠠᠵᠤ᠂ ᠠᠵᠢᠯ ᠦᠢᠯᠡᠰ ᠤᠨ | ᠬᠥᠭᠵᠢᠯᠲᠡ ᠶᠢᠨ ᠪᠠᠶᠢᠳᠠᠯ ᠦᠷᠭᠦᠯᠵᠢᠯᠡᠨ ᠥᠭᠡᠳᠡᠯᠡᠨ ᠰᠠᠶᠢᠵᠢᠷᠠᠪᠠ᠃ ᠰᠢᠨ᠎ᠡ ᠨᠢᠭᠡ ᠵᠢᠯ ᠳᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠪᠦᠬᠦ | ᠵᠢᠯᠤᠭᠤᠳᠤᠭᠴᠢ ᠪᠠᠶᠢᠯᠳᠤᠭᠴᠢᠳ ᠪᠠᠭ ᠤᠨ ᠡᠩᠨᠡᠭᠡᠨ ᠤ ᠪᠠᠶᠢᠭᠤᠯᠤᠯᠲᠠ᠂ ᠭᠠᠯ ᠤᠨ ᠭᠠᠮᠰᠢᠭ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠵᠠᠰᠠᠯᠲᠠ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠴᠠᠭᠠᠷᠠᠭᠰᠠᠨ | ᠣᠳᠣᠬᠢᠴᠢᠯᠠᠭᠰᠠᠨ ᠤᠮᠠᠷᠠᠲᠤ ᠬᠢᠯᠢ ᠶᠢᠨ ᠭᠠᠯ ᠤᠨᠲᠠᠷᠠᠭᠠᠬᠤ ᠭᠠᠷᠮᠠᠭᠠᠢ ᠴᠡᠷᠢᠭ ᠢ ᠴᠢᠷᠮᠠᠶᠢᠨ ᠳᠠᠪᠲᠠᠨ | ᠪᠣᠯᠪᠠᠰᠤᠷᠠᠭᠤᠯᠬᠤ ᠪᠣᠯᠤᠨ᠎ᠠ᠃ |