︽ᠨᠤᠲᠤᠭ ᠤᠨ ᠠᠬ᠎ᠠ ᠳᠡᠭᠦᠦ ᠨᠠᠷ ᠡ᠂ ᠵᠣᠭᠤᠰ ᠢᠶᠠᠨ ᠠᠪᠤᠭᠠᠷᠠᠢ︕︾ | ᠡᠨᠡ ᠴᠠᠭᠠᠨ ᠰᠠᠷ᠎ᠠ ᠳᠤ ᠪᠠᠭ᠎ᠠ ᠣᠩᠭᠤᠨ ᠰᠢᠶᠠᠩ ᠶᠡᠭᠡ ᠪᠠᠶᠠᠷ ᠤᠨ ᠶᠠᠪᠤᠳᠠᠯ ᠤᠭᠲᠤᠨ ᠠᠪᠴᠢᠷᠠᠵᠤ᠂ | ᠲᠣᠰᠬᠤᠨ ᠤ ᠠᠷᠠᠳ ᠠᠰᠢᠭ ᠬᠤᠪᠢᠶᠠᠷᠢᠯᠠᠯᠲᠠ ᠶᠢᠨ ᠮᠥᠩᠭᠦ ᠣᠯᠪᠠ᠂ | ᠰᠢᠨ᠎ᠡ ᠵᠢᠯ ᠤᠨ ︽ᠤᠯᠠᠭᠠᠨ ᠪᠠᠭᠯᠠᠭ᠎ᠠ︾ ᠶᠢ ᠲᠠᠷᠬᠠᠭᠠᠵᠤ ᠪᠣᠢ︕ | ᠴᠠᠭᠠᠨ ᠰᠠᠷ᠎ᠠ ᠪᠣᠯᠬᠤ ᠲᠠᠰᠢᠷᠠᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠭ᠎ᠠ ᠣᠩᠭᠤᠨ | ᠰᠢᠶᠠᠩ ᠳᠤ ᠵᠢᠯ ᠤᠨ ᠦᠨᠦᠷ ᠠᠮᠲᠠ ᠪᠢᠯᠬᠠᠮ᠎ᠠ ᠪᠠᠶᠢᠨ᠎ᠠ᠃ ᠰᠢᠶᠠᠩ ᠤᠨ ᠵᠠᠰᠠᠭ ᠤᠨ ᠣᠷᠳᠣᠨ ᠤ ᠬᠤᠷᠠᠯ ᠤᠨ | ᠭᠡᠷ ᠲᠤ ᠨᠡᠩ ᠴᠤ ᠬᠥᠮᠦᠨ ᠤ ᠳᠠᠭᠤ ᠱᠤᠤᠭᠢᠯᠳᠤᠵᠤ᠂ ᠮᠠᠰᠢ ᠬᠦᠷ ᠬᠥᠭᠵᠢᠶᠡᠨ ᠲᠠᠢ ᠪᠠᠶᠢᠨ᠎ᠠ᠂ ᠪᠠᠭ᠎ᠠ ᠣᠩᠭᠤᠨ | ᠰᠢᠶᠠᠩ ᠤᠨ ᠪᠠᠭ᠎ᠠ ᠣᠩᠭᠤᠨ ᠲᠣᠰᠬᠤᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠭᠰᠡᠨ ᠲᠠᠷᠢᠶᠠᠯᠠᠩ ᠤᠨ | ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠬᠤᠷᠰᠢᠶᠠᠨ ᠤ ᠠᠰᠢᠭ ᠬᠤᠪᠢᠶᠠᠷᠢᠯᠠᠯᠲᠠ ᠶᠢᠨ | ᠶᠡᠭᠡ ᠬᠤᠷᠠᠯ ᠶᠠᠭ ᠶᠠᠪᠤᠭᠳᠠᠵᠤ ᠪᠣᠢ᠃ | ︽ᠡᠨᠡ ᠵᠢᠯ ᠪᠠᠭ᠎ᠠ ᠪᠤᠰᠤ ᠣᠯᠣᠭᠰᠠᠨ ᠪᠢᠵᠡ︕︾ ︽ᠲᠡᠶᠢᠮᠦ᠂ ᠡᠨᠡ ᠬᠤᠷᠰᠢᠶᠠᠨ ᠤ ᠲᠥᠷᠥᠯ ᠵᠦᠢᠯ | ᠦᠨᠡᠬᠡᠷ ᠵᠦᠭᠡᠷ︕︾ ᠭᠡᠵᠦ ᠠᠰᠢᠭ ᠬᠤᠪᠢᠶᠠᠷᠢᠯᠠᠯᠲᠠ ᠶᠢᠨ ᠮᠥᠩᠭᠦ ᠪᠠᠨ ᠣᠯᠣᠭᠰᠠᠨ ᠲᠣᠰᠬᠤᠨ ᠤ ᠠᠷᠠᠳ ᠪᠠᠶᠠᠷ | ᠲᠠᠢ ᠬᠡᠯᠡᠨ᠎ᠡ᠃ ᠠᠰᠢᠭ ᠬᠤᠪᠢᠶᠠᠷᠢᠯᠠᠯᠲᠠ ᠶᠢᠨ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ᠂ ᠲᠣᠰᠬᠤᠨ ᠤ | ᠠᠷᠠᠳ ᠠᠯᠢ ᠡᠷᠲᠡ ᠬᠤᠷᠠᠯ ᠤᠨ ᠭᠡᠷ ᠲᠤ ᠴᠤᠭᠯᠠᠷᠠᠵᠤ᠂ ᠴᠢᠷᠠᠢ ᠳᠤ ᠨᠢ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ | ᠂ ᠲᠣᠰᠬᠤᠨ ᠤ ᠬᠥᠭᠵᠢᠯᠲᠡ ᠬᠤᠪᠢᠷᠠᠯᠲᠠ ᠪᠣᠯᠤᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠤᠨ ᠲᠤᠬᠠᠢ | ᠶᠠᠷᠢᠯᠴᠠᠵᠤ ᠪᠠᠶᠢᠯ᠎ᠠ᠃ ᠠᠵᠢᠯᠲᠠᠳ ᠰᠤᠷᠠᠭ ᠵᠠᠩᠭᠢ ᠶᠢ ᠡᠮᠬᠢ ᠵᠠᠮᠪᠠᠷᠠᠭ᠎ᠠ ᠲᠠᠢ ᠪᠠᠷ ᠬᠠᠷᠭᠤᠭᠤᠯᠵᠤ᠂ ᠠᠰᠢᠭ | ᠬᠤᠪᠢᠶᠠᠷᠢᠯᠠᠯᠲᠠ ᠶᠢᠨ ᠪᠡᠯᠡ ᠮᠥᠩᠭᠦ ᠶᠢ ᠲᠠᠷᠬᠠᠭᠠᠵᠤ᠂ ᠪᠦᠬᠦ᠋ᠢᠯᠡ ᠶᠠᠪᠤᠴᠠ ᠨᠢ ᠢᠯᠡ ᠲᠣᠳᠣ᠂ ᠡᠮᠬᠢ | ᠳᠢᠭᠯᠢᠮ ᠲᠠᠢ ᠪᠠᠶᠢᠯ᠎ᠠ᠃ ᠲᠣᠰᠬᠤᠨ ᠤ ᠠᠷᠠᠳ ᠠᠰᠢᠭ ᠬᠤᠪᠢᠶᠠᠷᠢᠯᠠᠯᠲᠠ ᠶᠢᠨ ᠪᠡᠯᠡᠨ ᠮᠥᠩᠭᠦ ᠶᠢ ᠬᠦᠯᠢᠶᠡᠨ ᠠᠪᠬᠤ | ᠦᠶ᠎ᠡ ᠳᠤ᠂ ᠪᠠᠶᠠᠷ ᠪᠠᠭ᠋ᠠᠳᠤᠯ ᠤᠨ ᠰᠡᠳᠬᠢᠯᠭᠡ ᠨᠢ ᠦᠭᠡ ᠶᠠᠷᠢᠶᠠᠨ ᠳᠤ ᠨᠢ ᠪᠢᠯᠬᠠᠷᠠᠵᠤ᠂ ᠲᠤᠬᠠᠢ ᠶᠢᠨ ᠲᠠᠯᠠᠪᠠᠢ ᠳᠤ | ᠪᠠᠶᠢᠨ ᠪᠠᠶᠢᠨ ᠠᠯᠠᠭ᠎ᠠ ᠲᠠᠰᠢᠯᠳᠠ ᠪᠠ ᠢᠨᠢᠶᠡᠳᠦ ᠶᠢᠨ ᠲᠠᠭᠤᠨ ᠨᠢᠵᠢᠭᠢᠨᠡᠵᠦ ᠪᠠᠶᠢᠯ᠎ᠠ᠃ | 2024 ᠣᠨ ᠤ 6 ᠳ᠋ᠤᠭᠠᠷ ᠰᠠᠷ᠎ᠠ ᠳᠤ᠂ ᠪᠠᠭ᠎ᠠ ᠣᠩᠭᠤᠨ ᠲᠣᠰᠬᠤᠨ ᠤ ᠨᠠᠮ ᠤᠨ ᠡᠭᠦᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠠᠭ᠎ᠠ | ᠣᠩᠭᠤᠨ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ ᠶᠢ ᠳᠠᠭᠠᠭᠤᠯᠤᠨ ᠡᠷᠬᠢᠯᠡᠵᠦ ᠪᠠᠶᠢᠭᠤᠯᠪᠠ᠃ ᠪᠠᠭ᠎ᠠ | ᠣᠩᠭᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠪᠠᠶᠢᠭᠤᠯᠤᠭᠰᠠᠨ | ᠬᠤᠪᠢᠴᠠᠭᠠᠲᠤ ᠳᠦᠷᠢᠮ ᠤᠨ ᠬᠤᠷᠰᠢᠶ᠎ᠠ ᠪᠣᠯᠤᠭᠰᠠᠨ ᠤ ᠬᠤᠪᠢ ᠳᠤ᠂ ᠲᠡᠷᠡ ᠨᠢ ᠭᠤᠣᠯᠳᠠᠭᠤ ᠲᠣᠰᠬᠤᠨ ᠤ | ᠠᠷᠠᠳ ᠤᠨ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠬᠤᠪᠢ ᠣᠷᠣᠭᠤᠯᠤᠭᠰᠠᠨ ᠤ ᠲᠠᠷᠠᠭ᠎ᠠ᠂ | ᠬᠤᠷᠰᠢᠶ᠎ᠠ ᠠᠴᠠ ᠲᠠᠷᠢᠶᠠᠯᠠᠩ ᠤᠨ ᠮᠠᠰᠢᠨ ᠪᠠᠭᠠᠵᠢ ᠶᠢ ᠨᠢᠭᠡᠳᠦᠯᠲᠡᠢ ᠲᠤᠬᠢᠷᠠᠭᠤᠯᠵᠤ᠂ ᠪᠣᠳᠠᠲᠠᠢ ᠬᠡᠷᠡᠭᠯᠡᠯᠲᠡ ᠪᠠᠷ | ᠬᠥᠯᠥᠰᠥ ᠬᠠᠷᠠᠮᠵᠢ ᠣᠯᠭᠤᠨ᠎ᠠ᠃ ︽ᠮᠠᠨ ᠤ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ ᠨᠢ ᠨᠢᠭᠡ ᠯᠡ ᠳᠡᠭᠡᠷ᠎ᠡ | ᠭᠤᠷᠪᠠ ᠶᠢ ᠪᠦᠲᠦᠭᠡᠭᠰᠡᠨ ᠭᠡᠵᠦ ᠬᠡᠯᠡᠵᠦ ᠪᠣᠯᠤᠨ᠎ᠠ᠂ ᠨᠢᠭᠡ ᠲᠠᠯ᠎ᠠ ᠪᠠᠷ ᠲᠠᠷᠢᠶᠠᠴᠢᠨ ᠡᠷᠦᠬᠡ ᠶᠢᠨ ᠰᠤᠯᠠ ᠰᠡᠯᠡᠭᠦᠦ | ᠲᠠᠷᠢᠶᠠᠯᠠᠩ ᠤᠨ ᠮᠠᠰᠢᠨ ᠢ ᠣᠷᠣᠭᠤᠯᠤᠨ ᠠᠪᠴᠤ ᠲᠠᠷᠢᠶᠠᠯᠠᠩ ᠤᠨ ᠮᠠᠰᠢᠨ ᠢ ᠬᠥᠳᠡᠯᠭᠡᠪᠡ︔ ᠳᠠᠷᠠᠭ᠎ᠠ ᠨᠢ | ᠲᠠᠷᠢᠶᠠᠯᠠᠩ ᠤᠨ ᠮᠠᠰᠢᠨ ᠲᠠᠢ ᠬᠥᠮᠦᠨ ᠢ ᠬᠢᠬᠦ ᠠᠵᠢᠯ ᠲᠠᠢ ᠪᠣᠯᠭᠠᠵᠤ᠂ ᠬᠡᠰᠡᠭ ᠠᠵᠢᠯ ᠣᠯᠭᠤᠯᠲᠠ ᠶᠢᠨ | ᠠᠰᠠᠭᠤᠳᠠᠯ ᠢ ᠰᠢᠢᠳᠪᠦᠷᠢᠯᠡᠵᠡᠢ︔ ᠬᠠᠮᠤᠭ ᠤᠨ ᠡᠴᠦᠰ ᠲᠤ ᠲᠠᠷᠢᠶᠠᠴᠢᠳ ᠪᠠᠰᠠ ᠬᠤᠷᠰᠢᠶ᠎ᠠ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠵᠦ᠂ ᠲᠠᠷᠢᠶᠠᠯᠠᠩ ᠤᠨ ᠮᠠᠰᠢᠨ ᠢ ᠬᠡᠷᠡᠭᠯᠡᠬᠦ ᠳᠤ ᠨᠠᠩ ᠳᠥᠭᠦᠮ ᠳᠥᠲᠡ ᠪᠥᠭᠡᠳ | ᠬᠢᠮᠳᠠᠬᠠᠨ ᠪᠤᠯᠪᠠ︾ ᠭᠡᠵᠦ ᠪᠠᠭ᠎ᠠ ᠣᠩᠭᠤᠨ ᠲᠣᠰᠬᠤᠨ ᠤ ᠱᠦᠵᠢ ᠸᠠᠩ ᠱᠢᠦ ᠯᠠᠨ ᠬᠡᠯᠡᠪᠡ᠃ | ᠸᠠᠩ ᠰᠢᠤ ᠯᠠᠨ ᠱᠦᠵᠢ ᠪᠠᠰᠠ᠂ 2024 ᠣᠨ ᠳᠤ᠂ ᠪᠠᠭ᠎ᠠ ᠣᠩᠭᠤᠨ ᠲᠣᠰᠬᠤᠨ ᠤ ᠨᠠᠮ ᠤᠨ ᠡᠭᠦᠷ ᠨᠢ | 35 ᠲᠠᠷᠢᠶᠠᠴᠢᠨ ᠡᠷᠦᠬᠡ ᠶᠢ ᠳᠠᠭᠠᠭᠤᠯᠤᠨ 50 ᠲᠠᠷᠢᠶᠠᠯᠠᠩ ᠤᠨ ᠮᠠᠰᠢᠨ ᠢᠶᠠᠷ ᠲᠠᠷᠢᠶᠠᠯᠠᠩ ᠤᠨ ᠮᠠᠰᠢᠨ ᠤ ᠲᠤᠰᠬᠠᠶ | ᠬᠤᠷᠰᠢᠶ᠎ᠠ ᠳᠤ ᠬᠤᠪᠢ ᠣᠷᠣᠭᠤᠯᠵᠤ᠂ ᠨᠡᠶᠢᠲᠡ 7 ᠲᠦᠮᠡᠨ ᠮᠥ ᠨᠡᠶᠢᠭᠡᠮᠴᠢᠯᠡᠭᠰᠡᠨ ᠦᠢᠯᠡᠴᠢᠯᠡᠭᠡ ᠶᠢ ᠪᠡᠶᠡᠯᠡᠭᠦᠯᠪᠡ᠃ | ᠥᠨᠥᠳᠦᠷ ᠤᠨ ᠠᠰᠢᠭ ᠬᠤᠪᠢᠶᠠᠷᠢᠯᠠᠯᠲᠠ ᠶᠢᠨ ᠶᠡᠭᠡ ᠬᠤᠷᠠᠯ ᠳᠡᠭᠡᠷ᠎ᠡ 35 ᠭᠠᠷᠤᠶ ᠡᠷᠦᠬᠡ ᠲᠤᠰᠬᠤᠨ ᠤ | ᠠᠷᠠᠳ ᠲᠤ ᠨᠡᠶᠢᠲᠡ 100 ᠭᠠᠷᠤᠶ ᠲᠦᠮᠡᠨ ᠲᠦᠭᠦᠷᠢᠭ ᠤᠨ ᠠᠰᠢᠭ ᠬᠤᠪᠢᠶᠠᠷᠢᠯᠠᠭᠰᠠᠨ ᠮᠥᠩᠭᠦ ᠲᠠᠷᠬᠠᠭᠠᠪᠠ ᠭᠡᠵᠦ | ᠲᠠᠨᠢᠯᠴᠠᠭᠤᠯᠤᠭᠰᠠᠨ ᠪᠠᠶᠢᠨ᠎ᠠ᠃ | ︽ᠲᠠᠷᠢᠶ᠎ᠠ ᠲᠠᠷᠢᠪᠠᠯ᠂ ᠬᠠᠭᠤᠷᠠᠢ ᠭᠠᠵᠠᠷ ᠤᠨ ᠮᠦ ᠪᠦᠷᠢ ᠶᠢᠨ ᠨᠡᠮᠡᠭᠦᠷᠢ ᠨᠢ 12 ᠲᠥᠭᠦᠷᠢᠭ᠂ | ᠤᠰᠤᠯᠠᠯᠲᠠ ᠶᠢᠨ ᠭᠠᠵᠠᠷ ᠤᠨ ᠮᠦ ᠪᠦᠷᠢ ᠶᠢᠨ ᠨᠡᠮᠡᠭᠦᠷᠢ ᠨᠢ 18 ᠲᠥᠭᠦᠷᠢᠭ ᠪᠣᠯᠤᠨ᠎ᠠ᠂ ᠪᠢ ᠡᠨᠡ ᠵᠢᠯ | ᠬᠤᠷᠰᠢᠶ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠨ᠂ ᠪᠠᠭ᠎ᠠ ᠪᠤᠰᠤ ᠲᠠᠷᠢᠶᠠᠯᠠᠩ ᠤᠨ ᠮᠠᠰᠢᠨ ᠤ | ᠲᠤᠬᠠᠶᠢᠯᠠᠭᠰᠠᠨ ᠠᠵᠢᠯ ᠢ ᠣᠯᠵᠤ᠂ ᠥᠨᠥᠳᠦᠷ 2 ᠲᠦᠮᠡ ᠭᠠᠷᠤᠶ ᠠᠰᠢᠭ ᠬᠤᠪᠢᠶᠠᠷᠢᠯᠠᠯᠲᠠ ᠶᠢᠨ ᠮᠥᠩᠭᠦ ᠣᠯᠪᠠ︾ | ᠭᠡᠵᠦ ᠪᠠᠭ᠎ᠠ ᠣᠩᠭᠤᠨ ᠰᠢᠶᠠᠩ ᠤᠨ ᠰᠢ ᠭᠧ ᠳ᠋ᠠᠨ ᠲᠣᠰᠬᠤᠨ ᠤ ᠠᠷᠠᠳ ᠭᠦᠸᠧ ᠱᠤᠸᠠᠨ ᠭᠧᠨ | ᠰᠤᠷᠪᠤᠯᠵᠢᠯᠠᠭᠴᠢ ᠳᠤ ᠡᠨᠡ ᠵᠢᠯ ᠤᠨ ︽ᠡᠯᠪᠡᠭ ᠬᠤᠷᠢᠶᠠᠯᠲᠠ ᠶᠢᠨ ᠳᠠᠩᠰᠠ︾ ᠶᠢ ᠪᠣᠳᠣᠵᠤ ᠥᠭᠪᠡ᠃ | ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠨᠢ ᠲᠣᠮᠣ ᠠᠮᠵᠢᠯᠲᠠ ᠣᠯᠣᠭᠠᠳ᠂ ᠲᠣᠰᠬᠤᠨ ᠤ ᠠᠷᠠᠳ | ᠠᠰᠢᠭ ᠬᠤᠪᠢᠶᠠᠷᠢᠯᠠᠭᠠᠳ ᠴᠢᠷᠠᠢ ᠳᠦᠭᠦᠷᠡᠩ ᠪᠠᠶᠠᠷ ᠲᠠᠢ᠃ ᠳᠠᠷᠠᠭᠠᠴᠢ ᠶᠢᠨ ᠠᠯᠬᠤᠮ ᠳᠤ᠂ ᠪᠠᠭ᠎ᠠ ᠣᠩᠭᠤᠨ | ᠰᠢᠶᠠᠩ ᠨᠢ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠨᠢᠭᠡᠳᠦᠯᠲᠡᠢ ᠪᠠᠶᠢᠭᠤᠯᠵᠤ ᠬᠠᠮᠲᠤ ᠪᠠᠷ | ᠪᠠᠶᠠᠵᠢᠬᠤ︾ ᠶᠢ ᠢᠮᠠᠭᠲᠠ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠲᠦᠷᠦᠯ ᠵᠦᠢᠯ ᠢ ᠬᠦᠴᠦᠯᠡᠨ ᠠᠳᠬᠤᠵᠤ᠂ ᠪᠣᠳᠠᠲᠠᠢ ᠶᠠᠪᠤᠳᠠᠯ ᠬᠢᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ᠲᠠᠬᠢᠨ ᠠᠷᠭ᠎ᠠ ᠪᠤᠳᠤᠵᠤ᠂ ᠤᠯᠠᠨ ᠠᠷᠭ᠎ᠠ ᠵᠠᠮ ᠢᠶᠠᠷ᠂ | ᠤᠯᠠᠨ ᠡᠰᠢᠴᠢᠯᠡᠭᠰᠡᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ | ᠰᠢᠨ᠎ᠡ ᠵᠠᠮ ᠢ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ | ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ | ᠦᠷᠭᠦᠯᠵᠢᠯᠡᠨ ᠥᠷᠭᠡᠳᠬᠡᠵᠦ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠴᠢᠨ | ᠲᠦᠮᠡᠨ ᠳᠤ ᠨᠡᠩ ᠤᠯᠠᠨ ᠬᠥᠭᠵᠢᠯᠲᠡ ᠶᠢᠨ ᠦᠷ᠎ᠡ ᠪᠦᠲᠦᠭᠡᠯ ᠪᠠ ᠠᠰᠢᠭ ᠢ ᠡᠳ᠋ᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠣᠢ᠃ | |