1 ᠳ᠋ᠦ᠋ᠭᠡᠷ ᠰᠠᠷ᠎ᠠ ᠶᠢᠨ 2 ᠤᠨ ᠡᠳᠦᠷ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ | ᠰᠢᠢᠳᠪᠦᠷᠢᠯᠡᠭᠳᠡᠬᠦᠢ ᠰᠡᠳᠬᠢᠬᠦᠢ ᠶᠢ ᠪᠣᠢ ᠪᠣᠯᠭᠠᠬᠤ ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠂ ᠲᠡᠷᠢᠭᠦᠨ ᠤ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ︾ ᠳᠡᠯᠭᠡᠨ ᠦᠵᠡᠭᠦᠯᠵᠦ ᠠᠳᠠᠯᠢᠳᠬᠠᠨ ᠠᠬᠢᠭᠤᠯᠬᠤ ᠠᠵᠢᠯ ᠤᠨ | ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ︽ | ᠰᠢᠢᠳᠪᠦᠷᠢᠯᠡᠭᠳᠡᠬᠦᠢ ᠰᠡᠳᠬᠢᠬᠦᠢ ᠶᠢ ᠪᠣᠢ ᠪᠣᠯᠭᠠᠬᠤ ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ︾ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠮᠵᠢ ᠶᠢ | ᠪᠣᠳᠠᠲᠠᠢ ᠠᠵᠢᠯ ᠲᠠᠢ ᠤᠶᠠᠯᠳᠤᠭᠤᠯᠵᠤ᠂ 2025 ᠣᠨ ᠤ ᠪᠦᠬᠦᠯᠢ ᠴᠣᠭᠴᠠ ᠶᠢᠨ ᠠᠵᠢᠯ ᠢ ᠲᠥᠯᠥᠪᠯᠡᠭᠰᠡᠨ | ᠪᠠᠶᠢᠳᠠᠯ ᠢᠶᠠᠨ ᠬᠠᠷᠢᠭᠤ ᠮᠡᠳᠡᠭᠦᠯᠬᠦ ᠶᠢ ᠰᠣᠨᠣᠰᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠰᠢᠯᠭᠠᠨ ᠦᠨᠡᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠭᠤᠤ ᠹᠸᠢ ᠬᠤᠷᠠᠯ ᠡᠷᠭᠢᠯᠡᠪᠡ᠃ | ᠬᠤᠷᠠᠯ ᠳᠡᠭᠡᠷ᠎ᠡ᠂ 16 ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠲᠣᠰ ᠲᠣᠰ ︽ᠲᠤᠬᠠᠢ ᠶᠢᠨ | ᠲᠠᠯᠠᠪᠤᠷ ᠤᠨ ᠮᠡᠳᠡᠭᠦᠯᠦᠯᠲᠡ + PPT︾ ᠶᠢᠨ ᠦᠵᠡᠭᠦᠯᠦᠯᠭᠡ ᠶᠢᠨ ᠬᠡᠯᠪᠡᠷᠢ ᠪᠠᠷ ᠳᠠᠮᠵᠢᠭᠤᠯᠤᠨ᠂ ︽ | ᠰᠢᠢᠳᠪᠦᠷᠢᠯᠡᠭᠳᠡᠬᠦᠢ ᠰᠡᠳᠬᠢᠬᠦᠢ ᠶᠢ ᠪᠣᠢ ᠪᠣᠯᠭᠠᠬᠤ ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠂ ᠲᠡᠷᠢᠭᠦᠨ ᠤ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠮᠵᠢ ᠶᠢ | ᠪᠣᠳᠠᠲᠠᠢ ᠠᠵᠢᠯ ᠲᠠᠢ ᠤᠶᠠᠯᠳᠤᠭᠤᠯᠤᠭᠰᠠᠨ ᠪᠠᠶᠢᠳᠠᠯ ᠳᠤ᠂ 2024 ᠣᠨ ᠤ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ | ᠵᠢᠴᠢ 2025 ᠣᠨ ᠤ ᠪᠦᠬᠦᠯᠢ ᠴᠣᠭᠴᠠ ᠶᠢᠨ ᠠᠵᠢᠯ ᠤᠨ ᠲᠥᠯᠦᠪᠵᠢᠭᠦᠯᠭᠡ ᠶᠢᠨ ᠪᠠᠶᠢᠳᠠᠯ ᠢ ᠬᠠᠷᠢᠭᠤ ᠮᠡᠳᠡᠭᠦᠯᠪᠡ | ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠵᠢᠴᠢ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠼᠦᠢ ᠬᠤ᠋ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ ᠪᠠᠶᠢᠳᠠᠯ ᠳᠤ ᠲᠣᠰ ᠲᠣᠰ ᠦᠨᠡᠯᠡᠯᠲᠡ ᠬᠢᠵᠦ ᠶᠠᠷᠢᠶ᠎ᠠ | ᠲᠠᠯᠪᠢᠵᠤ᠂ ᠠᠮᠵᠢᠯᠲᠠ ᠪᠠᠨ ᠨᠤᠲᠠᠯᠠᠵᠤ᠂ ᠬᠦᠷᠦᠯᠴᠡᠬᠦ ᠦᠭᠡᠢ ᠲᠠᠯ᠎ᠠ ᠪᠠᠨ ᠵᠢᠭᠠᠨ ᠭᠠᠷᠭᠠᠵᠤ᠂ ᠱᠠᠭᠠᠷᠳᠠᠯᠭ᠎ᠠ | ᠳᠤᠷᠠᠳᠪᠠ᠃ | ᠵᠢᠶᠠ ᠪᠦᠦ ᠯᠢᠶᠠᠩ ᠶᠠᠷᠢᠶᠠᠨ ᠳᠤ ᠪᠠᠨ᠂ 2025 ᠣᠨ ᠡᠬᠢᠯᠡᠬᠦ ᠲᠠᠰᠢᠷᠠᠮ ᠳᠤ ᠬᠡᠰᠡᠭ ᠰᠠᠯᠠᠭ᠎ᠠ | ᠮᠥᠴᠢᠷ ᠤᠨ 2024 ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ 2025 ᠣᠨ ᠤ ᠠᠵᠢᠯ ᠤᠨ | ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠲᠤᠰᠬᠠᠶᠢᠯᠠᠨ ᠰᠣᠨᠣᠰᠬᠤ ᠶᠢᠨ ᠵᠣᠷᠢᠯᠭ᠎ᠠ ᠨᠢ ᠨᠢᠳᠤᠨᠤᠨ ᠤ ᠠᠵᠢᠯ ᠢ | ᠲᠣᠭᠠᠯᠠᠨ ᠪᠦᠷᠢᠳᠬᠡᠵᠦ᠂ ᠺᠠᠳ᠋ᠷ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠭᠦᠨᠵᠡᠭᠡᠶ ᠰᠣᠯᠢᠯᠴᠠᠨ ᠬᠠᠷᠢᠯᠴᠠᠨ | ᠲᠣᠯᠢ ᠪᠣᠯᠭᠠᠬᠤ ᠶᠢᠨ ᠲᠥᠯᠥᠭᠡ ᠶᠤᠮ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠤᠳᠤᠷᠢᠳᠤᠯᠭ᠎ᠠ | ᠲᠡᠷᠢᠭᠦᠨ ᠤ ᠬᠢ ᠶᠢ ᠲᠡᠮᠡᠴᠡᠨ ᠤᠯᠬᠤ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ | ᠰᠠᠨᠠᠭ᠎ᠠ ᠪᠠᠨ ᠪᠦᠬᠦ ᠲᠠᠯ᠎ᠠ ᠪᠠᠷ ᠴᠢᠯᠥᠭᠡᠯᠡᠵᠦ᠂ ᠲᠦᠭᠵᠢᠮᠡᠯ ᠠᠰᠠᠭᠤᠳᠠᠯ ᠪᠠ ᠬᠦᠴᠢᠷ ᠠᠰᠠᠭᠤᠳᠠᠯ ᠢ ᠨᠡᠪᠲᠡᠷᠡᠭᠦᠯᠵᠦ᠂ | ᠠᠵᠢᠯ ᠤᠨ ᠪᠣᠳᠠᠲᠤ ᠦᠷ᠎ᠡ ᠪᠦᠲᠦᠮᠵᠢ ᠪᠠᠷ ᠢᠶᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠶᠢᠯᠠᠬᠤ ᠪᠠᠷ | ᠴᠢᠷᠮᠠᠶᠢᠬᠤ ᠬᠡᠷᠡᠭᠲᠡᠢ᠃ ᠣᠳᠣᠬᠠᠨ ᠤ ᠬᠥᠭᠵᠢᠯᠲᠡ ᠶᠢᠨ ᠱᠠᠲᠤᠨ ᠤ ᠰᠢᠨ᠎ᠡ ᠬᠤᠪᠢᠷᠠᠯᠲᠠ ᠶᠢ ᠭᠦᠢᠴᠡᠳ ᠲᠠᠨᠢᠵᠤ᠂ | ᠳᠡᠭᠡᠳᠦ ᠱᠠᠲᠤᠨ ᠤ ᠲᠦᠷᠦ ᠶᠢᠨ ᠪᠤᠳᠤᠯᠭ᠎ᠠ᠂ ᠵᠠᠬ᠎ᠠ ᠳᠡᠯᠭᠡᠭᠦᠷ ᠤᠨ ᠠᠵᠤ ᠠᠬᠤᠢ᠂ ᠠᠵᠢᠯ ᠲᠦᠷᠦᠯ ᠤᠨ ᠮᠡᠳᠡᠯᠭᠡ | ᠵᠡᠷᠭᠡ ᠶᠢ ᠭᠦᠨᠵᠡᠭᠡᠢ ᠰᠤᠳᠤᠯᠤᠨ ᠰᠤᠷᠤᠯᠴᠠᠬᠤ ᠪᠠᠨ ᠴᠢᠩᠭᠠᠳᠬᠠᠵᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠ ᠠᠴᠠ ᠨᠢ ᠲᠦᠭᠵᠢᠮᠡᠯ ᠠᠰᠠᠭᠤᠳᠠᠯ ᠪᠠ ᠬᠦᠴᠢᠷ | ᠠᠰᠠᠭᠤᠳᠠᠯ ᠢ ᠲᠠᠶᠢᠯᠬᠤ ᠰᠠᠶᠢᠨ ᠠᠷᠭ᠎ᠠ ᠪᠤᠳᠤᠯᠭ᠎ᠠ ᠶᠢ ᠤᠯᠬᠤ ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ | ᠰᠣᠯᠪᠢᠴᠠᠯ ᠤᠨ ᠰᠢᠰᠲ᠋ᠧᠮ ᠢ ᠶᠡᠬᠡᠰᠬᠡᠵᠦ᠂ ᠪᠠᠶᠢᠷᠢ ᠲᠣᠭᠲᠠᠭᠠᠬᠤ ᠬᠠᠷᠠᠯᠲᠠ ᠪᠠᠨ ᠣᠨᠣᠪᠴᠢᠲᠠᠶ ᠣᠯᠵᠤ᠂ | ᠤᠬᠠᠮᠰᠠᠷ ᠠᠴᠠ ᠪᠠᠨ ᠪᠥᠬᠦ ᠬᠤᠰᠢᠭᠤᠨ ᠤ ᠬᠥᠭᠵᠢᠯᠲᠡ ᠶᠢ ᠪᠥᠬᠦ ᠬᠤᠲᠠ᠂ ᠪᠥᠬᠦ ᠣᠷᠣᠨ᠂ ᠪᠥᠬᠦ ᠤᠯᠤᠰ ᠤᠨ | ᠦᠨᠳᠦᠷᠴᠡ ᠳᠤ ᠲᠠᠯᠪᠢᠨ ᠤᠬᠠᠭᠠᠯᠠᠨ ᠲᠥᠯᠥᠪᠯᠡᠵᠦ ᠂ ᠪᠥᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ | ᠲᠠᠯ᠎ᠠ ᠲᠠᠯ᠎ᠠ ᠶᠢᠨ ᠠᠵᠢᠯ ᠳᠤ ᠴᠥᠮ ᠰᠢᠨ᠎ᠡ ᠰᠢᠪᠲᠤᠯᠤᠯᠲᠠ ᠲᠠᠢ ᠪᠠᠶᠢᠬᠤ ᠶᠢ ᠴᠢᠷᠮᠠᠶᠢᠨ ᠲᠡᠮᠡᠴᠡᠵᠦ᠂ ᠡᠨᠡ ᠵᠢᠯ ᠤᠨ | ᠠᠵᠢᠯ ᠢᠶᠠᠨ ᠰᠠᠶᠢᠲᠤᠷ ᠡᠬᠢᠯᠡᠭᠦᠯᠵᠦ᠂ ᠰᠠᠶᠢᠲᠤᠷ ᠠᠯᠬᠤᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ︽ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ︾᠂ ︽ᠳᠠᠩᠰᠠ ᠲᠤᠰᠢᠶᠠᠬᠤ ᠤᠬᠠᠮᠰᠠᠷ︾ ᠢ ᠪᠤᠢ ᠪᠣᠯᠭᠠᠵᠤ | ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠣᠷᠣᠰᠢᠵᠤ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠵᠥᠷᠢᠶ᠎ᠡ ᠶᠢ ᠪᠠᠭᠠᠰᠬᠠᠬᠤ ᠶᠢ ᠥᠪᠡᠷ ᠤᠨ ᠡᠭᠦᠷᠭᠡ | ᠬᠠᠷᠢᠭᠤᠴᠠᠯᠭ᠎ᠠ ᠪᠠᠨ ᠪᠣᠯᠭᠠᠵᠤ᠂ ᠪᠡᠶ᠎ᠡ ᠪᠠᠷ ᠢᠶᠠᠨ ᠰᠤᠳᠤᠯᠤᠨ ᠰᠢᠢᠳᠪᠦᠷᠢᠯᠡᠬᠦ ᠬᠡᠷᠡᠭᠲᠡᠢ᠃ ᠥᠪᠡᠷ ᠢ ᠪᠠᠨ ᠬᠠᠩᠭᠠᠬᠤ | ᠂ ᠥᠪᠡᠷ ᠢ ᠪᠠᠨ ᠪᠢᠲᠡᠭᠦᠮᠵᠢᠯᠡᠬᠦ ᠦᠵᠡᠯᠲᠡ ᠶᠢ ᠠᠷᠢᠯᠭᠠᠵᠤ᠂ ᠠᠯᠪᠠ ᠬᠠᠰᠢᠵᠤ ᠠᠷᠤᠭᠯᠠᠨ ᠥᠩᠭᠡᠷᠡᠭᠡᠬᠦ ᠂ ᠬᠠᠰᠢ | ᠶᠠᠰᠢ ᠪᠠᠷ ᠳᠠᠭᠤᠰᠬᠠᠬᠤ ᠣᠪᠣᠷ ᠢ ᠡᠷᠡᠰ ᠲᠡᠪᠴᠢᠵᠦ᠂ ᠶᠠᠮᠠᠷᠪᠠ ᠠᠵᠢᠯ ᠢ ᠴᠥᠮ ᠥᠨᠳᠥᠷ ᠪᠠᠷᠢᠮᠵᠢᠶ᠎ᠠ ᠪᠠᠷ᠂ | ᠥᠨᠳᠥᠷ ᠦᠷ᠎ᠡ ᠪᠦᠲᠦᠮᠵᠢᠲᠡᠢ ᠪᠠᠷ ᠠᠳᠬᠤᠵᠤ᠂ ᠬᠡᠪ ᠤᠨ ᠵᠤᠷᠰᠢᠯ ᠢ ᠵᠣᠷᠢᠭᠲᠠᠢ ᠪᠠᠷ ᠡᠪᠳᠡᠵᠦ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠳᠠᠪᠠᠯᠲᠠ ᠮᠠᠶ᠋ᠢᠭ ᠤᠨ ᠬᠥᠭᠵᠢᠯᠲᠡ ᠶᠢ ᠬᠥᠭᠡᠭᠡᠵᠦ ᠭᠦᠢᠴᠡᠨ ᠳᠠᠪᠠᠵᠤ | ᠭᠠᠷᠬᠤ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠵᠢᠶᠠ ᠪᠦᠦ ᠯᠢᠶᠠᠩ ᠂ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠳᠤᠷᠢᠳᠬᠤ ᠺᠠᠳ᠋ᠷ | ᠪᠡᠶ᠎ᠡ ᠪᠠᠷ ᠢᠶᠠᠨ ᠣᠷᠣᠯᠴᠠᠵᠤ᠂ ᠲᠦᠷᠦᠭᠦᠯᠡᠨ ᠲᠦᠯᠬᠢᠨ ᠠᠬᠢᠭᠤᠯᠵᠤ᠂ ᠴᠢᠬᠤᠯᠠ ᠠᠵᠢᠯ ᠢ ᠪᠡᠶ᠎ᠡ ᠪᠠᠷ ᠢᠶᠠᠨ | ᠪᠠᠶᠢᠷᠢᠯᠠᠭᠤᠯᠵᠤ᠂ ᠴᠢᠬᠤᠯᠠ ᠶᠡᠭᠡ ᠤᠴᠢᠷ ᠶᠠᠪᠤᠳᠠᠯ ᠢ ᠪᠡᠶ᠎ᠡ ᠪᠠᠷ ᠢᠶᠠᠨ ᠲᠦᠯᠬᠢᠨ ᠠᠬᠢᠭᠤᠯᠵᠤ ᠂ ᠭᠤᠣᠯᠳᠠᠯᠭ᠎ᠠ | ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ | ᠰᠢᠪᠠᠳᠠᠭᠤᠯᠤᠨ ᠭᠦᠢᠴᠡᠳᠬᠡᠵᠦ ᠂ ᠬᠦᠨᠳᠦ ᠶᠡᠭᠡ ᠥᠷᠢᠰᠥᠯᠳᠦᠭᠡᠨ ᠢ ᠠᠷᠭᠠᠴᠠᠭᠠᠬᠤ᠂ ᠬᠦᠨᠳᠦ ᠶᠡᠭᠡ ᠠᠶᠤᠯ | ᠲᠦᠭᠰᠢᠭᠦᠷᠢ ᠶᠢ ᠡᠰᠡᠷᠭᠦᠴᠡᠬᠦ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠬᠦ ᠳᠤᠮᠳᠠ ᠡᠮᠦᠨ᠎ᠡ ᠨᠢ ᠭᠠᠪᠰᠢᠭᠠᠶᠢᠯᠠᠵᠤ᠂ | ᠥᠷᠭᠡᠨ ᠤᠯᠠᠨ ᠺᠠᠳ᠋ᠷᠴᠤᠳ ᠢ ᠲᠠᠶᠢᠴᠢᠯᠠᠨ ᠵᠣᠷᠢᠭᠲᠠᠢ ᠪᠠᠷ ᠬᠢᠵᠦ᠂ ᠵᠣᠷᠢᠭᠲᠠᠢ ᠪᠠᠷ ᠢᠯᠠᠯᠲᠠ ᠤᠯᠬᠤ ᠬᠡᠷᠡᠭᠲᠡᠢ᠃ | ᠭᠦᠢᠴᠡᠳᠬᠡᠬᠦ ᠬᠦᠴᠦᠨ ᠪᠠ ᠨᠠᠶᠢᠳᠠᠪᠤᠷᠢᠵᠢᠭᠤᠯᠬᠤ ᠬᠦᠴᠦᠨ ᠢ ᠳᠡᠭᠡᠭᠰᠢᠯᠡᠭᠦᠯᠵᠦ᠂ ᠶᠡᠭᠡ ᠶᠠᠪᠤᠳᠠᠯ᠂ ᠴᠢᠬᠤᠯᠠ | ᠶᠠᠪᠤᠳᠠᠯ᠂ ᠬᠦᠴᠢᠷ ᠶᠠᠪᠤᠳᠠᠯ ᠤᠨ ᠡᠮᠦᠨ᠎ᠡ᠂ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠂ ᠰᠢᠢᠳᠪᠦᠷᠢᠯᠡᠭᠳᠡᠬᠦᠢ | ᠰᠡᠳᠬᠢᠬᠦᠢ ᠪᠠ ᠠᠷᠭ᠎ᠠ ᠪᠠᠷᠢᠯ ᠢ ᠢᠳᠡᠪᠬᠢᠲᠡᠢ ᠡᠷᠢᠯᠬᠢᠯᠡᠵᠦ᠂ ᠠᠯᠭᠤᠷ ᠤᠳᠠᠭᠠᠨ ᠂ ᠨᠠᠵᠠᠭᠠᠢ ᠬᠤᠶᠢᠷᠭᠤ | ᠰᠡᠳᠬᠢᠬᠦᠢ ᠶᠢᠨ ᠵᠤᠷᠰᠢᠯ ᠢᠶᠠᠨ ᠦᠨᠡᠨ ᠬᠦ ᠬᠤᠪᠢᠷᠠᠭᠤᠯᠵᠤ ᠂ ᠳᠠᠷᠤᠢ ᠲᠦᠷᠭᠡᠨ ᠬᠢᠬᠦ᠂ ᠬᠢᠪᠡᠯ ᠰᠠᠶᠢᠲᠤᠷ ᠬᠢᠬᠦ | ᠠᠵᠢᠯ ᠤᠨ ᠣᠨᠣᠯᠵᠢᠬᠤᠨ ᠢ ᠪᠣᠢ ᠪᠣᠯᠭᠠᠵᠤ᠂ ᠠᠵᠢᠯ ᠢᠶᠠᠨ ᠤᠷᠤᠭᠰᠢᠯᠠᠭᠤᠯᠵᠤ ᠂ ᠪᠣᠳᠠᠲᠠᠢ ᠪᠠᠷ ᠠᠳᠬᠤᠬᠤ ᠬᠡᠷᠡᠭᠲᠡᠢ | ᠃ ᠪᠤᠰᠤᠳ ᠠᠴᠠ ᠬᠤᠴᠣᠷᠬᠤ ᠳᠤᠷ᠎ᠠ ᠦᠭᠡᠢ ᠰᠥᠰᠥ ᠵᠣᠷᠢᠭ᠂ ᠤᠴᠢᠷ ᠶᠠᠪᠤᠳᠠᠯ ᠳᠤ ᠲᠡᠷᠢᠭᠦᠨ ᠤ ᠬᠢ ᠶᠢ | ᠲᠡᠮᠡᠴᠡᠬᠦ ᠣᠮᠤᠭ ᠰᠦᠷ ᠢ ᠪᠤᠢ ᠪᠣᠯᠭᠠᠵᠤ᠂ ᠡᠯ᠎ᠡ ᠵᠦᠢᠯ ᠤᠨ ᠠᠵᠢᠯ ᠳᠤ ᠴᠥᠮ ᠰᠠᠨᠠᠭᠠᠴᠢᠯᠠᠭ᠎ᠠ ᠠᠴᠠ ᠪᠠᠨ ᠬᠡᠪ | ᠳᠠᠭᠤᠷᠢᠶᠠᠯ ᠢᠶᠠᠨ ᠥᠨᠳᠥᠷ ᠪᠣᠯᠭᠠᠵᠤ ᠂ ᠪᠠᠶᠢᠷᠢᠰᠢᠯ ᠢᠶᠠᠨ ᠶᠡᠬᠡᠰᠬᠡᠵᠦ᠂ ᠬᠠᠷᠠᠭ᠎ᠠ ᠪᠠᠨ ᠥᠷᠭᠡᠳᠬᠡᠨ ᠂ ︽ᠲᠡᠮᠡᠴᠡᠬᠦ︾ | ᠬᠠᠷᠢᠴᠠᠭᠤᠯᠤᠭᠴᠢ ᠪᠡᠶ᠎ᠡ ᠶᠢ ᠨᠡᠩ ᠥᠨᠳᠥᠷ ᠲᠤ ᠲᠣᠭᠲᠠᠭᠠᠵᠤ᠂ ︽ᠲᠡᠷᠢᠭᠦᠨ ᠤ ᠬᠢ ᠶᠢ ᠲᠡᠮᠡᠴᠡᠨ ᠤᠯᠬᠤ︾ | ᠴᠤᠭ ᠰᠦᠯᠳᠡ ᠪᠠ ᠲᠡᠮᠡᠴᠡᠯ ᠤᠨ ᠵᠣᠷᠢᠭ ᠢ ᠦᠨᠡᠨ ᠬᠦ ᠢᠯᠡᠷᠡᠭᠦᠯᠵᠦ᠂ ᠢᠯᠠᠩᠭᠤᠶ᠎ᠠ ᠠᠵᠤ ᠦᠢᠯᠡᠰ ᠤᠨ ᠪᠣᠬᠢᠷᠳᠤᠯ | ᠦᠭᠡᠢ ᠳᠣᠣᠷ᠎ᠠ ᠨᠡᠭᠦᠷᠡᠰᠦᠲᠥ᠋ᠷᠥᠭᠴᠢ ᠳᠤ ᠬᠡᠯᠪᠡᠷᠢ ᠪᠠᠨ ᠬᠤᠪᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠰᠣᠶᠣᠯ ᠵᠢᠭᠤᠯᠴᠢᠯᠠᠯ᠂ ᠨᠠᠮ ᠤᠨ ᠪᠠᠶᠢᠭᠤᠯᠤᠯᠲᠠ ᠵᠡᠷᠭᠡ | ᠬᠦᠷᠢᠶᠡᠨ ᠳᠤ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠴᠡᠭ᠂ ᠵᠢᠱᠢᠶ᠎ᠡ | ᠦᠵᠡᠭᠦᠯᠬᠦ ᠪᠠ ᠢᠷᠠᠭᠤ ᠠᠯᠳᠠᠷ ᠤᠨ ᠴᠣᠯᠠ ᠣᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠵᠦ᠂ ᠭᠤᠯᠳᠤ | ᠴᠢᠭᠯᠡᠯ ᠤᠨ ︽ᠵᠢᠯ ᠪᠦᠷᠢ ᠴᠥᠮ ᠰᠢᠨ᠎ᠡ ᠬᠥᠭᠵᠢᠯᠲᠡ ᠲᠠᠢ︾ ᠠᠴᠠ ᠨᠡᠩ ᠢᠯᠡᠭᠦᠦ ᠬᠦᠨᠳᠡᠯᠨ ᠴᠢᠭᠯᠡᠯ ᠤᠨ ︽ᠵᠢᠯ | ᠪᠦᠷᠢ ᠰᠢᠨ᠎ᠡ ᠳᠠᠪᠰᠢᠯᠲᠠ ᠲᠠᠢ ᠪᠠᠶᠢᠬᠤ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠪᠣᠶ | ᠪᠣᠯᠭᠠᠬᠤ ᠂ ᠲᠡᠭᠡᠭᠰᠢᠯᠡᠭᠦᠯᠬᠦ᠂ ᠲᠡᠮᠡᠴᠡᠬᠦ ︾ ᠶᠢ ᠤᠳᠤᠷᠢᠳᠬᠤ ᠪᠠᠭ ᠢ ᠠᠳᠬᠤᠨ ᠡᠩᠨᠡᠭᠡ ᠶᠢ ᠳᠠᠭᠠᠭᠤᠯᠬᠤ | ᠪᠦᠲᠦᠮᠵᠢᠲᠡᠶ ᠠᠴᠢᠶᠠᠯᠠᠪᠤᠷᠢ ᠪᠣᠯᠭᠠᠨ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠺᠠᠳ᠋ᠷ ᠤᠨ ᠡᠩᠨᠡᠭᠡ ᠶᠢ | ᠬᠥᠮᠦᠵᠢᠭᠦᠯᠬᠦ ᠶᠢ ᠴᠢᠩᠭᠠᠳᠬᠠᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠵᠤ᠂ ᠺᠠᠳ᠋ᠷ ᠤᠨ ᠡᠩᠨᠡᠭᠡ ᠶᠢᠨ ᠴᠤᠭ ᠰᠦᠯᠳᠡ ᠶᠢ ᠦᠨᠡᠨ ᠬᠦ ᠬᠥᠭᠵᠢᠭᠡᠵᠦ᠂ ᠪᠥᠬᠦ ᠬᠤᠰᠢᠭᠤᠨ ᠤ | ᠴᠢᠨᠠᠷ ᠰᠠᠶᠢᠲᠠᠶ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | |