ᠲᠥᠷᠥᠯ ᠵᠦᠢᠯ ᠤᠨ ︽ᠠᠬᠢᠴᠠ ᠶᠢᠨ ᠵᠤᠷᠪᠤᠰ︾ ᠢ ᠰᠢᠨᠡᠳᠬᠡᠵᠥ ᠠᠵᠤ ᠦᠢᠯᠡᠰ ᠤᠨ ᠬᠥᠭᠵᠢᠯᠲᠡ ᠳᠤ ᠳᠠᠬᠢᠨᠲᠠ ᠭᠢᠯᠠᠰ ᠴᠡᠭ ᠨᠡᠮᠡᠷᠢᠯᠡᠪᠡ
ᠨᠡᠶᠢᠲᠡᠯᠡᠭᠰᠡᠨ ᠴᠠᠭ᠄
2025/1/5
      ᠦᠭᠡᠷᠬᠤᠳᠳᠤᠭ ᠪᠠᠯᠭᠠᠰᠤ ᠰᠢᠨ ᠮᠧᠩ ᠱᠧᠩ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ ᠶᠢ ᠤᠷᠤᠭᠰᠢᠲᠠᠶ ᠪᠠᠶᠢᠭᠤᠯᠵᠤ ᠠᠰᠢᠭᠯᠠᠯᠲᠠ ᠳᠤ ᠣᠷᠣᠭᠤᠯᠪᠠ      2025 ᠣᠨ ᠤ 1 ᠰᠠᠷ᠎ᠠ ᠶᠢᠨ 2 ᠤᠨ ᠡᠳᠦᠷ᠂ ᠦᠬᠡᠷᠬᠤᠳᠳᠤᠭ ᠪᠠᠯᠭᠠᠰᠤ ︽ᠰᠢᠨ ᠮᠧᠩ ᠲᠡᠵᠢᠭᠡᠨ ᠦᠷᠡᠵᠢᠭᠦᠯᠬᠦ ᠲᠠᠯᠠᠪᠠᠢ︾ ᠶᠢᠨ ᠬᠤᠪᠢ ᠣᠷᠣᠭᠤᠯᠬᠤ ᠶᠣᠰᠣᠯᠠᠯ ᠵᠢᠴᠢ ᠠᠰᠢᠭᠯᠠᠯᠲᠠ ᠳᠤ ᠣᠷᠣᠭᠤᠯᠤᠭᠰᠠᠨ ᠳᠣᠤᠵᠠ ᠬᠠᠶᠢᠴᠢᠯᠠᠬᠤ ᠶᠣᠰᠣᠯᠠᠯ ᠶᠠᠪᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠠᠩ ᠵᠧᠨ᠂ ᠪᠠᠯᠭᠠᠰᠤᠨ ᠤ ᠳᠡᠳ᠋ ᠳᠠᠷᠤᠭ᠎ᠠ ᠯᠢ ᠶᠢᠨ ᠸᠠᠩ᠂ ᠬᠤᠯᠪᠣᠭᠠᠲᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠪᠠ᠃      ᠲᠤᠰ ᠲᠦᠷᠦᠯ ᠵᠦᠢᠯ ᠪᠣᠯ ᠦᠬᠡᠷᠬᠤᠳᠳᠤᠭ ᠪᠠᠯᠭᠠᠰᠤ ᠶᠢᠨ ᠳ᠋ᠠ ᠰᠢ ᠲᠠᠨ ᠲᠣᠰᠬᠤᠨ ᠳᠠᠬᠢ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠦᠷᠦᠯ ᠵᠦᠢᠯ ᠪᠣᠯᠤᠨ᠎ᠠ᠂ ︽ᠠᠵᠤ ᠠᠬᠤᠶᠢᠯᠠᠯ ᠤᠨ ᠬᠠᠮᠳᠣᠷᠠᠯᠴᠠᠭ᠎ᠠ+ ᠲᠣᠰᠬᠤᠨ ᠤ ᠬᠠᠮᠲᠤ ᠶᠢᠨ ᠠᠵᠤ ᠠᠬᠤᠢ ᠬᠤᠪᠢ ᠣᠷᠣᠬᠤ︾ ᠬᠥᠭᠵᠢᠯᠲᠡ ᠶᠢᠨ ᠵᠠᠭᠪᠤᠷ ᠢ ᠬᠡᠷᠡᠭᠯᠡᠵᠡᠢ᠃ ᠲᠥᠷᠥᠯ ᠵᠦᠢᠯ ᠤᠨ ᠡᠵᠡᠯᠡᠬᠦ ᠭᠠᠵᠠᠷ ᠨᠢ ᠪᠠᠷᠤᠭ 15 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1032 ᠲᠦᠮᠡᠨ ᠲᠥᠭᠦᠷᠢᠭ ᠪᠣᠯᠤᠨ᠎ᠠ᠃ ᠲᠣᠭᠲᠠᠮᠠᠯ ᠬᠥᠷᠥᠩᠭᠡ ᠶᠢᠨ ᠶᠡᠷᠦᠩᠬᠡᠶ ᠪᠡᠯᠡ ᠣᠷᠣᠭᠤᠯᠤᠯᠲᠠ 600 ᠲᠦᠮᠡᠨ ᠲᠥᠭᠦᠷᠢᠭ᠂ ᠡᠭᠦᠨ ᠳᠤ ᠳ᠋ᠠ ᠰᠢ ᠲᠠᠨ ᠲᠣᠰᠬᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ 450 ᠲᠦᠮᠡᠨ ᠲᠥᠭᠦᠷᠢᠭ ᠭᠤᠶᠤᠴᠢᠯᠠᠵᠤ᠂ ᠭᠠᠭ᠋ᠠᠶ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ 2 ᠰᠠᠭᠤᠷᠢ ᠵᠡᠷᠭᠡ ᠶᠢ ᠪᠦᠲᠦᠭᠡᠨ ᠪᠠᠶᠢᠭᠤᠯᠤᠨ ᠲᠦᠷᠢᠶᠡᠰᠦᠯᠡᠭᠦᠯᠵᠦ᠂ ᠵᠢᠯ ᠪᠦᠷᠢ ᠳᠦᠷᠢᠶᠡᠰᠦᠯᠡᠭᠦᠯᠥᠭᠰᠡᠨ ᠰᠦᠢᠳᠭᠡᠯ ᠨᠢ ᠲᠤᠰᠬᠤᠨ ᠤ ᠬᠠᠮᠳᠤ ᠶᠢᠨ ᠠᠵᠤ ᠠᠬᠤᠢ ᠶᠢᠨ ᠠᠰᠢᠭ ᠤᠷᠤᠯᠭ᠎ᠠ ᠶᠢ 18 ᠲᠦᠮᠡᠨ ᠲᠦᠭᠦᠷᠢᠭ ᠨᠡᠮᠡᠭᠳᠡᠭᠦᠯᠵᠥ᠂ ᠠᠵᠤ ᠠᠬᠤᠶᠢᠯᠠᠯ ᠥᠪᠡᠰᠦᠪᠡᠨ 150 ᠲᠦᠮᠡᠨ ᠲᠥᠭᠦᠷᠢᠭ ᠭᠠᠷᠭᠠᠵᠤ᠂ ᠲᠡᠵᠢᠭᠡᠨ ᠦᠷᠡᠵᠢᠭᠦᠯᠬᠦ ᠲᠣᠭᠤᠷᠢᠭ᠂ ᠠᠯᠪᠠᠯᠠᠬᠤ ᠲᠣᠭᠤᠷᠢᠭ᠂ ᠢᠯᠭᠠᠳᠠᠰᠤᠨ ᠪᠣᠬᠢᠷᠲᠤᠯ ᠢ ᠰᠢᠢᠳᠪᠦᠷᠢᠯᠡᠬᠦ ᠲᠣᠭᠤᠷᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠦ᠋ᠲ᠋ᠣ᠋  ᠪᠤᠷᠳᠤᠭᠤᠷ ᠣᠷᠣᠭᠤᠯᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠪᠤᠶᠢᠵᠢᠭᠤᠯᠬᠤ᠂ ᠠᠷᠢᠭᠤᠳᠬᠠᠨ ᠬᠢᠵᠢᠭ ᠢ ᠰᠡᠷᠭᠡᠶᠢᠯᠡᠬᠦ ᠵᠡᠷᠭᠡ ᠲᠥᠬᠦᠭᠡᠷᠦᠮᠵᠢ ᠶᠢ ᠲᠣᠬᠢᠷᠠᠭᠤᠯᠵᠤ᠂ ᠡᠯ᠎ᠡ ᠴᠢᠳᠠᠮᠵᠢᠳᠤ ᠣᠷᠣᠨ ᠤ ᠪᠡᠶ᠎ᠡ ᠪᠠᠨ ᠳᠠᠭᠠᠭᠠᠵᠤ ᠠᠵᠢᠯᠯᠠᠬᠤ ᠶᠢ ᠪᠡᠶᠡᠯᠡᠭᠦᠯᠵᠦ᠂ ᠪᠦᠬᠦ᠋ᠢᠯᠡ ᠲᠡᠵᠢᠭᠡᠨ ᠦᠷᠡᠵᠢᠭᠦᠯᠬᠦ ᠲᠠᠯᠠᠪᠠᠢ ᠶᠢ ᠬᠡᠪᠴᠢᠶᠡᠵᠢᠭᠦᠯᠬᠦ᠂ ᠴᠤᠪᠤᠷᠠᠭᠤᠯᠬᠤ᠂ ᠪᠠᠷᠢᠮᠵᠢᠶᠠᠵᠢᠭᠤᠯᠬᠤ᠂ ᠤᠶᠤᠨᠵᠢᠭᠤᠯᠬᠤ ᠶᠢ ᠪᠡᠶᠡᠯᠡᠭᠦᠯᠪᠡ᠃ ᠨᠢᠭᠡᠳᠦᠭᠡᠷ ᠪᠦᠯᠦᠭ ᠤᠨ ᠲᠣᠷᠤᠢ ᠵᠢᠴᠢ ᠲᠡᠵᠢᠭᠡᠯ ᠪᠣᠷᠳᠤᠭ᠎ᠠ ᠵᠡᠷᠭᠡ ᠶᠢᠨ ᠶᠡᠷᠦᠩᠬᠡᠢ ᠪᠡᠯᠡ ᠣᠷᠣᠭᠤᠯᠤᠯᠲᠠ 432 ᠲᠦᠮᠡᠨ ᠲᠥᠭᠦᠷᠢᠭ ᠲᠤ ᠬᠦᠷᠴᠦ᠂ ᠡᠭᠦᠨ ᠳᠤ ᠦᠬᠡᠷᠬᠤᠳᠳᠤᠭ ᠪᠠᠯᠭᠠᠰᠤᠨ ᠤ 11 ᠲᠣᠰᠬᠤᠨ ᠤ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠪᠠᠷ ᠪᠦᠷᠢᠯᠳᠦᠭᠰᠡᠨ ᠬᠤᠯᠪᠣᠭᠠᠲᠤ ᠬᠤᠷᠰᠢᠶ᠎ᠠ ᠨᠢ 55 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠵᠦ᠂ ᠠᠰᠢᠭ ᠲᠤᠰᠠ ᠶᠢ ᠬᠠᠮᠲᠤᠪᠠᠷ ᠡᠳ᠋ᠯᠡᠵᠦ᠂ ᠠᠵᠤ ᠠᠬᠤᠶᠢᠯᠠᠯ ᠥᠪᠡᠰᠦᠪᠡᠨ 377 ᠲᠦᠮᠡᠨ ᠲᠥᠭᠦᠷᠢᠭ ᠪᠡᠯᠡᠳᠬᠡᠪᠡ᠃ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠪᠦᠯᠦᠭ ᠪᠦᠷᠢ ᠴᠢᠨᠠᠷ ᠰᠠᠶᠢᠲᠠᠶ ᠲᠠᠸᠠᠷ ᠤᠨ  ᠮᠢᠬᠠᠨ ᠤ ᠭᠠᠭ᠋ᠠᠶ ᠢ 2400 ᠭᠠᠷᠭᠠᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ ᠪᠠᠷᠤᠭ 480 ᠲᠦᠮᠡᠨ ᠲᠥᠭᠦᠷᠢᠭ ᠪᠡᠶᠡᠯᠡᠭᠦᠯᠵᠦ᠂ ᠵᠢᠱᠢᠯᠲᠡ ᠪᠠᠷ ᠡᠯ᠎ᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠪᠦᠷᠢ ᠶᠢᠨ ᠣᠷᠣᠯᠭ᠎ᠠ ᠶᠢ 6 ᠲᠦᠮᠡᠨ ᠲᠥᠭᠦᠷᠢᠭ ᠨᠡᠮᠡᠭᠳᠡᠭᠦᠯᠬᠦ ᠪᠣᠯᠤᠨ᠎ᠠ᠃      ᠲᠤᠰ ᠲᠦᠷᠦᠯ ᠵᠦᠢᠯ ᠪᠣᠯ ᠦᠬᠡᠷᠬᠤᠳᠳᠤᠭ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠶᠢᠨ ᠬᠠᠮᠳᠥ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠤᠨᠴᠠᠯᠢᠬᠳᠤ ᠠᠵᠤ ᠦᠢᠯᠡᠰ ᠤᠨ ᠨᠢᠭᠡ ᠪᠣᠯᠤᠨ᠎ᠠ᠂ ᠮᠥᠨᠴᠦ ᠲᠠᠷᠢᠶᠠᠯᠠᠩ ᠠᠵᠤ ᠠᠬᠤᠢ ᠶᠢᠨ ᠲᠤᠯᠭᠠᠭᠤᠷᠢ ᠠᠵᠤ ᠦᠢᠯᠡᠰ ᠪᠣᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠢᠷᠡᠯᠳᠡ ᠪᠣᠯᠤᠨ᠎ᠠ᠃ ᠲᠥᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠤᠭᠰᠠᠨ ᠨᠢ ᠦᠬᠡᠷᠬᠤᠳᠳᠤᠭ ᠪᠠᠯᠭᠠᠰᠤᠨ ᠤ ᠭᠠᠭ᠋ᠠᠶ ᠲᠡᠵᠢᠭᠡᠨ ᠦᠷᠡᠵᠢᠭᠦᠯᠬᠦ ᠠᠵᠤ ᠦᠢᠯᠡᠰ ᠴᠢᠨᠠᠷ ᠰᠠᠶᠢᠲᠠᠶ ᠬᠥᠭᠵᠢᠯᠲᠡ ᠶᠢᠨ ᠲᠦᠷᠭᠡᠨ ᠵᠠᠮ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠳᠣᠷᠣᠢ ᠨᠤᠭᠤᠳ ᠲᠡᠵᠢᠭᠡᠨ ᠦᠷᠡᠵᠢᠭᠦᠯᠬᠦ ᠲᠠᠯᠠᠪᠠᠢ ᠳᠤ ᠣᠷᠣᠭᠰᠠᠨ ᠨᠢ᠂ ᠦᠬᠡᠷᠬᠤᠳᠳᠤᠭ ᠪᠠᠯᠭᠠᠰᠤᠨ ᠤ ᠰᠢᠨ ᠮᠧᠩ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠦᠷᠦᠯ ᠵᠦᠢᠯ ᠢ ᠤᠷᠤᠭᠰᠢᠲᠠᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠦᠬᠡᠷᠬᠤᠳᠳᠤᠭ ᠪᠠᠯᠭᠠᠰᠤ ︽ᠺᠣᠮᠫᠠᠨᠢ+ ᠬᠤᠯᠪᠣᠭᠠᠲᠤ ᠬᠤᠷᠰᠢᠶ᠎ᠠ+ ᠲᠠᠷᠢᠶᠠᠴᠢᠨ ᠡᠷᠦᠬᠡ︾ ᠪᠠ ︽ᠦᠨ᠎ᠡ ᠶᠢ ᠪᠠᠲᠤᠯᠠᠵᠤ ᠬᠤᠳᠠᠯᠳᠤᠨ ᠠᠪᠬᠤ+ ᠵᠠᠬᠢᠶᠠᠯᠠᠭ᠎ᠠ ᠶᠢᠨ ᠲᠠᠷᠢᠶᠠᠯᠠᠩ︾ ᠤᠨ ᠬᠠᠮᠲᠤᠷᠠᠯᠴᠠᠭᠠᠨ ᠤ ᠵᠠᠭᠪᠤᠷ ᠢᠶᠠᠷ ᠳᠠᠮᠵᠢᠭᠤᠯᠤᠨ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ ᠪᠠ ᠲᠠᠷᠢᠮᠠᠯ ᠤᠨ ᠡᠷᠦᠬᠡ ᠶᠢ ᠳᠠᠶᠢᠴᠢᠯᠠᠨ ᠭᠠᠭ᠋ᠠᠶ ᠲᠡᠵᠢᠭᠡᠨ ᠦᠷᠡᠵᠢᠭᠦᠯᠬᠦ ᠪᠠ ᠲᠠᠷᠢᠮᠠᠯ ᠤᠨ ᠦᠢᠯᠡᠰ ᠢ ᠬᠥᠭᠵᠢᠭᠦᠯᠵᠦ᠂ ᠲᠥᠷᠥᠯ ᠵᠦᠢᠯ ᠬᠢᠭᠡᠳ ᠲᠠᠷᠢᠶᠠᠴᠢᠨ ᠡᠷᠦᠬᠡ ᠶᠢᠨ ᠬᠤᠤᠰ ᠠᠰᠢᠭ ᠭᠥᠷᠳᠡᠬᠦ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号