ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/6
      1 ᠰᠠᠷ᠎ᠠ ᠶᠢᠨ 3 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠡᠨᠡ ᠤᠳᠠᠭ᠎ᠠ ᠶᠢᠨ ᠪᠥᠬᠦᠳᠡ ᠬᠤᠷᠠᠯ ᠤᠨ ᠭᠤᠤᠯ ᠡᠭᠦᠷᠭᠡ ᠪᠣᠯ᠄ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号