ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2025ᠤᠨ ᠢᠶᠠᠨ ᠤᠭᠳᠤᠬᠤ ᠫᠢᠩᠫᠠᠩ ᠪᠥᠮᠪᠦᠭᠡ ᠵᠢᠨ‌ᠨᠡᠷᠡᠰ ᠤᠨ ᠵᠢᠭᠰᠠᠭᠠᠯᠲᠠ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2025/1/6
      ᠬᠠᠭᠤᠴᠢᠨ‌ᠵᠢᠯ ᠢᠶᠠᠨ ᠲᠡᠬᠦᠰ ᠠᠮᠵᠢᠯᠳᠠ ᠲᠠᠢ ᠦᠳᠡᠵᠦ ᠰᠢᠨ᠎ᠡ ᠤᠨ ᠢᠶᠠᠨ ᠤᠳᠬ᠎ᠠ ᠲᠡᠬᠦᠯᠳᠡᠷ ᠤᠭᠳᠤᠯ᠎ᠠ  ᠃ ᠬᠠᠭᠤᠴᠢᠨ‌ᠵᠢᠯ ᠢᠶᠠᠨ ᠦᠳᠡᠵᠦ ᠰᠢᠨ᠎ᠡ ᠤᠨ ᠢᠶᠠᠨ ᠤᠭᠳᠤᠬᠤ ᠲᠠᠰᠢᠷᠠᠮ ᠢᠶᠠᠷ  ᠦᠷᠭᠡᠨ ᠤᠯᠠᠨ ᠫᠢᠩᠫᠠᠩ ᠪᠥᠮᠪᠦᠭᠡ  ᠶᠢᠨ  ᠳᠤᠷ᠎ᠠ ᠪᠠᠭ᠋ᠠᠲᠠᠶ ᠬᠥᠮᠦᠰ ᠢ ᠬᠥᠮᠦᠵᠢᠭᠦᠯᠬᠦ ᠶᠢᠨ ᠲᠥᠯᠥᠭᠡ᠂ ᠮᠡᠷᠭᠡᠵᠢᠯ ᠤᠨ ᠪᠠᠶᠢᠯᠳᠤᠬᠤ ᠠᠷᠭ᠎ᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠦᠨ᠂ ᠨᠢᠭᠡ ᠵᠢᠯ ᠤᠨ ᠲᠤᠷᠰᠢᠬᠢ ᠣᠯᠤᠭᠰᠠᠨ ᠠᠮᠵᠢᠯᠲᠠ ᠪᠦᠲᠦᠮᠵᠢ ᠶᠢ ᠰᠢᠯᠭᠠᠨ ᠪᠠᠶᠢᠴᠠᠭᠠᠵᠤ᠂ 2024 ᠣᠨ ᠤ 12 ᠰᠠᠷ᠎ᠠ ᠶᠢᠨ 26 ᠤ ᠡᠳᠦᠷ ᠠᠴᠠ 2025 ᠣᠨ ᠤ 1 ᠰᠠᠷ᠎ᠠ ᠶᠢᠨ 3 ᠤ ᠡᠳᠦᠷ ᠪᠣᠯᠲᠠᠯ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ 9 ᠡᠳᠦᠷ ᠤᠨ ᠬᠤᠭᠤᠴᠠᠭ᠎ᠠ ᠲᠠᠢ ᠰᠢᠨ᠎ᠡ ᠤᠨ ᠢᠶᠠᠨ ᠤᠭᠳᠤᠬᠤ ᠫᠢᠩᠫᠠᠩ ᠪᠥᠮᠪᠦᠭᠡ ᠵᠢᠨ‌ᠨᠡᠷᠡᠰ ᠤᠨ ᠵᠢᠭᠰᠠᠭᠠᠯᠲᠠ ᠶᠢᠨ ᠤᠷᠤᠯᠳᠤᠭᠠᠨ ᠥᠷᠨᠢᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ 50 ᠭᠠᠷᠤᠶ ᠫᠢᠩᠫᠠᠩ ᠪᠥᠮᠪᠦᠭᠡ ᠶᠢᠨ ᠳᠤᠷ᠎ᠠ ᠪᠠᠭ᠋ᠠᠲᠠᠶ ᠬᠥᠮᠦᠰ ᠢ ᠲᠡᠳᠡᠨ ᠣᠷᠣᠯᠴᠠᠭᠤᠯᠪᠠ᠃ ᠲᠣᠰ ᠤᠳᠠᠭᠠᠨ ᠤ ᠤᠷᠤᠯᠳᠤᠭᠠᠨ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠠᠴᠠ ᠭᠤᠤᠯᠯᠠᠨ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠫᠢᠩᠫᠠᠩ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠬᠢᠪᠡ ᠃      ᠲᠣᠰ ᠤᠳᠠᠭᠠᠨ ᠤ ᠨᠡᠷᠡᠰ ᠤᠨ ᠵᠢᠭᠰᠠᠭᠠᠯᠲᠠ ᠶᠢᠨ ᠤᠷᠤᠯᠳᠤᠭᠠᠨ ᠤ ᠲᠥᠷᠥᠯ ᠵᠦᠢᠯ ᠢ ᠡᠷᠡᠭᠲᠡᠶ ᠶᠢᠨ ᠳᠠᠩ ᠢᠶᠠᠷ ᠴᠣᠬᠢᠬᠤ ᠤᠷᠤᠯᠳᠤᠭᠠᠨ ᠪᠠ ᠡᠮᠡᠭᠲᠡᠶ ᠶᠢᠨ ᠳᠠᠩ ᠢᠶᠠᠷ ᠴᠣᠬᠢᠬᠤ ᠤᠷᠤᠯᠳᠤᠭᠠᠨ ᠤ ᠨᠡᠷᠡᠰ ᠤᠨ ᠵᠢᠭᠰᠠᠭᠠᠯᠲᠠ ᠵᠡᠷᠭᠡ ᠬᠤᠶᠠᠷ ᠲᠥᠷᠥᠯ ᠵᠦᠢᠯ ᠬᠤᠪᠢᠶᠠᠵᠤ᠂ ᠰᠢᠭᠰᠢᠭᠳᠡᠭᠦᠯᠬᠦ ᠤᠷᠤᠯᠳᠤᠭᠠᠨ ᠪᠠ ᠳᠤᠭᠤᠶᠢᠯᠠᠩ ᠬᠤᠪᠢᠶᠠᠨ ᠡᠷᠭᠢᠯᠳᠦᠭᠦᠯᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ  ᠶᠠᠪᠤᠭᠳᠠᠭᠤᠯᠪᠠ᠃ ᠨᠢᠭᠡᠳᠦᠭᠡᠷ ᠱᠠᠲᠤ ᠳᠤ ᠡᠷᠡᠭᠲᠡᠶᠢᠴᠦᠳ ᠨᠢ A᠂ B ᠳᠤᠭᠤᠶᠢᠯᠠᠩ ᠬᠤᠪᠢᠶᠠᠨ ᠶᠠᠪᠤᠭᠳᠠᠵᠤ᠂ ᠡᠮᠡᠭᠲᠡᠢ ᠶᠢᠨ ᠶᠡᠭᠡ ᠣᠷᠴᠢᠯ ᠪᠠᠶᠢᠪᠠ᠃ ᠬᠤᠶᠠᠳᠤᠭᠠᠷ ᠱᠠᠲᠤ ᠦᠶ᠎ᠡ ᠶᠢᠨ A ᠳᠤᠭᠤᠢᠯᠠᠩ ᠤᠨ ᠰᠡᠭᠦᠯ ᠤᠨ ᠬᠡᠳᠦᠨ ᠨᠡᠷᠡᠰ ᠨᠢ ᠳᠡᠰ ᠪᠠᠭᠤᠷᠠᠬᠤ ᠪᠠ B ᠳᠤᠭᠤᠢᠯᠠᠩ ᠤᠨ ᠡᠮᠦᠨ᠎ᠡ ᠬᠡᠳᠦᠨ ᠨᠡᠷᠡᠰ ᠳᠡᠰ ᠳᠡᠪᠰᠢᠬᠦ ᠵᠢᠴᠢ ᠡᠮᠡᠭᠲᠡᠢᠴᠦᠳ ᠤᠨ ᠡᠮᠦᠨ᠎ᠡ ᠬᠡᠳᠦᠨ ᠨᠡᠷᠡᠰ ᠲᠤ ᠤᠷᠴᠢᠯ ᠴᠤᠮᠬᠤᠳᠬᠠᠯ ᠤᠨ ᠨᠡᠷᠡᠰ ᠤᠨ ᠵᠢᠭᠰᠠᠭᠠᠯᠳᠠ ᠬᠢᠨ᠎ᠡ ᠃      ᠠᠵᠢᠯᠯᠠᠭ᠎ᠠ ᠶᠢᠨ ᠲᠤᠬᠠᠢ ᠶᠢᠨ ᠡᠳᠦᠷ᠂ ᠬᠢᠨᠠᠭᠴᠢ ᠶᠢᠨ ᠱᠦᠭᠯᠦ ᠳᠤᠤᠭᠠᠷᠬᠤ ᠶᠢ ᠳᠠᠭᠠᠯᠳᠤᠨ ᠫᠢᠩᠫᠠᠩ ᠪᠥᠮᠪᠦᠭᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠤᠷᠤᠯᠳᠤᠭᠠᠨ ᠳᠤ ᠣᠷᠣᠯᠴᠠᠭᠰᠠᠳ ᠬᠤᠭᠤᠷᠣᠨᠳᠣ ᠪᠠᠨ ᠪᠤᠯᠪᠠᠰᠤᠷᠠᠩᠭᠤᠢ ᠪᠥᠮᠪᠥᠭᠡᠨ ᠮᠡᠷᠭᠡᠵᠢᠯ ᠢᠶᠠᠨ  ᠰᠤᠨᠢᠷᠬᠠᠭᠤᠯᠵᠤ ᠂ ᠰᠢᠷᠦᠭᠦᠨ ᠡᠰᠡᠷᠭᠦᠴᠡᠯ ᠪᠠ  ᠪᠥᠮᠪᠥᠭᠡᠨ ᠲᠡᠮᠡᠴᠡᠭᠡᠨ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠪᠠᠶᠢᠨ ᠪᠠᠶᠢᠨ ᠣᠯᠵᠤ ᠪᠠᠶᠢᠯ᠎ᠠ᠃ ᠤᠷᠤᠯᠳᠤᠭᠠᠨ ᠳᠤ ᠣᠷᠣᠯᠴᠠᠭᠰᠠᠨ ᠮᠠᠰᠢ ᠣᠯᠠᠨ ᠲᠠᠮᠢᠷᠴᠢᠳ ᠲᠤᠬᠠᠢ ᠶᠢᠨ ᠲᠠᠯᠠᠪᠤᠷ ᠲᠤ ᠨᠠᠭᠠᠰᠢ ᠴᠠᠭᠠᠰᠢ ᠰᠢᠷᠦᠭᠦᠨ ᠲᠡᠮᠡᠴᠡᠭᠡᠨ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠦᠵᠡᠭᠴᠢᠳ ᠭᠤᠶᠢᠳᠠ ᠰᠠᠶᠢᠬᠠᠨ  ᠪᠦᠮᠪᠦᠭᠡᠨ ᠮᠡᠷᠭᠡᠵᠢᠯ  ᠢ ᠮᠠᠭᠲᠠᠨ ᠰᠠᠶᠢᠰᠢᠶᠠᠵᠤ᠂ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠪᠠᠴᠢᠮ ᠪᠥᠭᠡᠳ ᠪᠠᠶᠠᠷ ᠬᠥᠷ ᠲᠠᠢ ᠪᠠᠶᠢᠯ᠎ᠠ᠃ ᠤᠷᠤᠯᠳᠤᠭᠠᠨ ᠨᠢ  ᠮᠡᠷᠭᠡᠵᠢᠯ ᠤᠨ ᠮᠥᠷᠦ᠋ᠢᠴᠡᠭᠡᠨ ᠪᠣᠯᠬᠤ ᠪᠠᠷ ᠪᠠᠷᠠᠬᠤ ᠦᠭᠡᠢ᠂ ᠨᠠᠩ ᠴᠤ ᠲᠠᠮᠢᠷᠴᠢᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠬᠦ‍ ᠨᠢᠭᠡ ᠤᠳᠠᠭᠠᠨ ᠤ ᠣᠯᠳᠠᠬᠤᠶ᠎ᠠ ᠪᠡᠷᠬᠡ ᠲᠣᠬᠢᠶᠠᠯ ᠪᠣᠯᠤᠨ᠎ᠠ᠃ ᠤᠷᠤᠯᠳᠤᠭᠠᠨ ᠤ ᠵᠠᠪᠰᠠᠷ ᠲᠤ᠂ ᠲᠠᠮᠢᠷᠴᠢᠳ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ᠂ ᠣᠯᠤᠯᠲᠠ ᠲᠦᠷᠦᠭᠳᠡᠯ ᠢᠶᠠᠨ ᠬᠤᠪᠢᠶᠠᠯᠴᠠᠵᠤ᠂ ᠦᠵᠡᠭᠴᠢᠳ ᠴᠦ ᠤᠷᠤᠯᠳᠤᠭᠠᠨ ᠤ ᠳᠤᠷ᠎ᠠ ᠰᠣᠨᠢᠷᠬᠠᠯ  ᠲᠠᠢ ᠶᠠᠪᠤᠳᠠᠯ ᠤᠳ ᠢ  ᠶᠠᠷᠢᠯᠴᠠᠨ᠂ ᠪᠦᠬᠦ᠋ᠢᠯᠡ ᠠᠵᠢᠯᠯᠠᠭ᠎ᠠ ᠨᠢ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃       ᠲᠣᠰ ᠤᠳᠠᠭᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠨᠢ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠡᠷᠡᠭᠦᠯ ᠮᠡᠨᠳᠦ ᠶᠢᠨ ᠬᠥᠳᠡᠯᠭᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠬᠤᠰᠢᠭᠤᠨ ᠤ ᠫᠢᠩᠫᠠᠩ ᠪᠥᠮᠪᠦᠭᠡ ᠶᠢᠨ  ᠳᠤᠷ᠎ᠠ ᠪᠠᠭ᠋ᠠᠲᠠᠶ ᠬᠥᠮᠦᠰ ᠲᠤ ᠰᠣᠯᠢᠯᠴᠠᠭ᠎ᠠ ᠬᠢᠬᠦ᠂ ᠬᠠᠷᠢᠯᠴᠠᠨ ᠬᠥᠳᠡᠯᠦᠯᠴᠡᠬᠦ ᠲᠠᠪᠴᠠᠩ ᠪᠠᠶᠢᠭᠤᠯᠤᠨ ᠥᠭᠴᠦ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠨ ᠤᠯᠠᠨ ᠬᠡᠯᠪᠡᠷᠢ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号