ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ
ᠨᠡᠶᠢᠲᠡᠯᠡᠭᠰᠡᠨ ᠴᠠᠭ᠄
2025/1/8
      ᠬᠦᠰᠡᠯᠡᠩ᠄ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠦᠢᠯᠡᠰ ᠲᠤ ᠬᠤᠪᠢ ᠨᠡᠮᠡᠷᠢ  ᠦᠵᠡᠬᠦᠯᠦᠨ᠎ᠡ     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠭᠡᠵᠦ ᠪᠣᠶ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠶᠢ ᠡᠭᠦᠳᠴᠦ᠂ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠲᠤᠷᠠᠳᠴᠤ᠂ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠲᠦᠯᠦᠭᠡ ᠦᠭᠡ ᠭᠡᠯᠡᠵᠦ᠂ ᠬᠤᠲᠠ ᠪᠠᠯᠭᠠᠰᠤᠨ ᠤ ᠬᠥᠭᠵᠢᠯᠲᠡ ᠳᠤ ᠠᠷᠭ᠎ᠠ ᠤᠬᠠᠭᠠᠨ  ᠭᠠᠷᠭᠠᠨ᠂ ᠤᠯᠤᠰ ᠲᠦᠷᠦ ᠶᠢᠨ ᠵᠦᠪᠯᠡᠯᠭᠡᠨ ᠤ ᠦᠢᠯᠡᠰ ᠲᠤ ᠥᠩᠭᠡ ᠭᠢᠯᠪᠠᠭ᠎ᠠ  ᠨᠡᠮᠡᠷᠢᠯᠡᠪᠡ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠶᠢᠨ ᠲᠥᠯᠥᠭᠡ᠂ ᠰᠢᠷᠭᠠᠭᠤ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠬᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠪᠠᠳᠠᠷᠠᠭᠠᠨ ︽  ᠪᠠᠭᠠᠳᠤᠷᠯᠢᠭ ᠲᠠᠷᠬᠠᠨ ᠮᠤᠤᠮᠢᠩᠭᠠᠨ︾  ᠤ ᠣᠯᠠᠨ ᠨᠡᠶᠢᠲᠡ ᠶᠢᠨ ᠳ᠋ᠤᠭᠠᠷ ᠢ ᠲᠤᠰᠬᠠᠶᠢᠯᠠᠨ ᠨᠡᠭᠡᠭᠡᠪᠡ᠃    ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ︾ ᠲᠤᠰᠬᠠᠶ ᠪᠤᠯᠤᠩ ᠲᠡᠳᠡᠨ ᠤ ᠲᠤᠰᠢᠶᠠᠯ ᠢᠶᠠᠨ ᠭᠦᠢᠴᠡᠳᠭᠡᠭᠰᠡᠨ‌‍ᠰᠡᠳᠬᠢᠯ ᠤᠨ ᠳᠠᠭᠤᠨ ᠢ ᠲᠡᠮᠳᠡᠭᠯᠡᠨ᠂ ᠥᠨᠥᠳᠥᠷ ᠪᠢᠳᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠦᠰᠡᠯᠡᠩ ᠲᠠᠢ ᠲᠠᠨᠢᠯᠴᠠᠶ᠎ᠠ ᠃     ᠱᠠᠰᠢᠨ ᠰᠤᠷᠲᠠᠬᠤᠨ ᠤ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠬᠦᠰᠡᠯᠡᠩ ᠡᠯ᠎ᠡ ᠡᠲᠡᠭᠡᠳ ᠤᠨ ᠤᠯᠠᠨ ᠲᠦᠮᠡᠨ ᠢ ᠳᠠᠭᠠᠭᠤᠯᠤᠨ ᠬᠠᠶᠢᠷ᠎ᠠ ᠬᠠᠯᠠᠮᠵᠢ ᠪᠠᠨ ᠡᠷᠭᠦᠵᠦ᠂ ᠬᠠᠤᠯᠢ ᠶᠢ ᠰᠤᠷᠤᠯᠴᠠᠨ ᠬᠠᠤᠯᠢ ᠶᠢ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠱᠠᠰᠢᠨ ᠰᠤᠷᠲᠠᠬᠤᠨ ᠤ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠪᠠ ᠡᠭᠦᠷᠭᠡᠯᠡᠯ ᠢ ᠦᠢᠯᠡᠳᠦᠯᠭᠡᠵᠢᠭᠦᠯᠵᠡᠢ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠ ᠱᠠᠰᠢᠨ ᠰᠤᠷᠲᠠᠬᠤᠨ ᠤ ᠬᠥᠮᠦᠰ ᠤᠨ ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠦᠨᠳᠦᠰᠦᠲᠡᠨ ᠤ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠵᠡᠷᠭᠡ ᠤᠨᠤᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠪᠠ᠃ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠤᠶᠠᠨ ᠪᠠᠳᠠᠷᠠᠭᠤᠯᠤᠭᠴᠢ ᠰᠦᠮ᠎ᠡ ᠶᠢᠨ ᠨᠣᠮ ᠪᠢᠴᠢᠭ ᠰᠤᠷᠬᠤ ᠶᠢᠨ ᠵᠢᠯᠣᠭᠤᠳᠣᠯᠭ᠎ᠠ ᠪᠠ ᠬᠥᠮᠦᠵᠢᠯ ᠢ ᠴᠢᠩᠭᠠᠳᠬᠠᠵᠤ᠂ ᠲᠡᠳᠡᠨ ᠢ ᠵᠥᠪ ᠣᠨᠣᠪᠴᠢᠲᠠᠶ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠪᠠ ᠱᠠᠰᠢᠨ ᠰᠤᠷᠲᠠᠬᠤᠨ ᠤ ᠦᠵᠡᠯᠲᠡ ᠶᠢ ᠪᠣᠶ ᠪᠣᠯᠭᠠᠵᠤ᠂ ᠨᠢᠭᠡ ᠪᠦᠯᠦᠭ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ᠂ ᠶᠣᠰᠣ ᠮᠣᠷᠠᠯ ᠲᠠᠢ᠂ ᠡᠷᠳᠡᠮ ᠮᠡᠳᠡᠯᠭᠡ ᠲᠠᠢ ᠥᠨᠳᠥᠷ ᠬᠡᠪ ᠪᠣᠯᠪᠠᠰᠤᠷᠠᠯ ᠲᠠᠢ ᠱᠠᠰᠢᠨ ᠰᠤᠷᠲᠠᠬᠤᠨ ᠤ ᠴᠢᠳᠠᠪᠤᠷᠢᠲᠠᠨ ᠢ ᠬᠥᠮᠦᠵᠢᠭᠦᠯᠬᠦ ᠳᠤ ᠥᠪᠡᠷ ᠤᠨ ᠬᠤᠪᠢ ᠨᠡᠮᠡᠷᠢ ᠪᠠᠨ  ᠦᠵᠡᠬᠦᠯᠪᠡ ᠃      ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠬᠦᠰᠡᠯᠡᠩ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠦᠷᠦᠯ ᠤᠨ ᠪᠣᠯᠪᠠᠰᠤᠷᠠᠯ᠂ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠣᠷᠣᠯᠴᠠᠵᠤ᠂ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号