ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠨᠡᠶᠢᠭᠡᠮ ᠤᠨ ᠠᠮᠤᠷ | ᠲᠣᠭᠲᠠᠭᠤᠨ ᠢ ᠬᠠᠮᠠᠭᠠᠯᠠᠬᠤ ᠳᠤ ᠢᠳᠡᠪᠬᠢᠲᠡᠢ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠦᠨᠡᠨ ᠶᠣᠰᠣᠨ ᠤ | ᠲᠥᠯᠥᠭᠡ ᠡᠷᠡᠯᠬᠡᠭᠯᠡᠨ ᠲᠡᠮᠡᠴᠡᠭᠰᠡᠨ ᠦᠢᠯᠡ ᠠᠵᠢᠯᠯᠠᠭ᠎ᠠ ᠶᠢ ᠬᠥᠬᠢᠭᠦᠯᠦᠨ ᠱᠠᠩᠨᠠᠬᠤ ᠶᠢᠨ ᠲᠥᠯᠥᠭᠡ᠂ ︽ᠪᠥᠬᠦ | ᠬᠤᠲᠠ ᠶᠢᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠲᠡᠷᠢᠭᠦᠨ ᠤ ᠢ ᠵᠣᠬᠢᠶᠠᠨ ᠪᠠᠶᠢᠭᠤᠯᠤᠨ | ᠮᠡᠳᠡᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠤᠭᠤᠲᠤ ᠬᠤᠲᠠ ᠶᠢᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠪᠥᠬᠦ | ᠬᠤᠲᠠ ᠶᠢᠨ 2023 ᠣᠨ - 2024 ᠣᠨ ᠳᠤ ᠴᠣᠯᠭᠤᠷᠠᠨ ᠭᠠᠷᠤᠭᠰᠠᠨ 20 ᠬᠤᠪᠢ ︵35 ᠬᠥᠮᠦᠨ︶ ᠦᠨᠡᠨ | ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠬᠥᠬᠢᠭᠦᠯᠦᠨ ᠰᠠᠶᠢᠰᠢᠶᠠᠬᠤ ᠪᠠᠷ | ᠲᠥᠯᠥᠪᠯᠡᠵᠦ ᠪᠣᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ | ᠠᠵᠢᠯᠲᠠᠨ ᠮᠡᠷᠭᠡᠨ ᠰᠣᠩᠭᠤᠭᠳᠠᠪᠠ᠃ | ᠮᠡᠷᠭᠡᠨ᠂ ᠡᠷᠡᠭᠲᠡᠶ᠂ ᠮᠣᠩᠭᠤᠯ ᠦᠨᠳᠦᠰᠦᠲᠡᠨ᠂ 1987 ᠣᠨ ᠤ 1 ᠰᠠᠷ᠎ᠠ ᠳᠤ ᠳᠦᠷᠦᠵᠡᠶ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠠᠵᠢᠯᠲᠠᠨ᠃ | 2024 ᠣᠨ ᠤ 4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨᠡᠬᠢ 9 ᠴᠠᠭ 40 ᠮᠢᠨᠦ᠋ᠲ ᠤᠨ | ᠦᠶ᠎ᠡ ᠪᠠᠷ᠂ ᠮᠡᠷᠭᠡᠨ ᠵᠡᠷᠭᠡᠯᠡᠳᠡᠭᠡ ᠰᠠᠭᠤᠵᠤ ᠪᠠᠶᠢᠭ᠎ᠠ ᠠᠰᠠᠷ ᠤᠨ ᠨᠢᠭᠡ ᠠᠶᠢᠯ ᠤᠨ ᠬᠠᠰᠢᠶᠠᠨ ᠳᠤ ᠭᠠᠯ ᠭᠠᠷᠤᠭᠰᠠᠨ | ᠢ ᠣᠯᠵᠤ ᠮᠡᠳᠡᠵᠡᠢ᠂ ᠮᠡᠷᠭᠡᠨ ᠦᠴᠦᠭᠡᠨ ᠴᠤ ᠡᠷᠡᠭᠡᠯᠵᠡᠯ ᠦᠭᠡᠢ ᠪᠠᠷ ᠲᠡᠷᠭᠡᠨ ᠠᠴᠠ ᠪᠠᠨ ᠲᠡᠮᠦᠷ ᠬᠦᠷᠵᠡ | ᠭᠠᠷᠭᠠᠵᠤ᠂ ᠰᠢᠭᠤᠳ ᠬᠦᠷᠢᠶᠡᠨ ᠳᠣᠲᠣᠷᠠᠬᠢ ᠰᠢᠷᠣᠶ ᠪᠠᠷ ᠭᠠᠯ ᠤᠨᠲᠠᠷᠠᠭᠠᠬᠤ ᠶᠢᠨ ᠬᠠᠮᠲᠤ ᠠᠰᠠᠷ ᠳᠣᠲᠣᠷᠠᠬᠢ | ᠬᠥᠷᠰᠢ ᠵᠡᠷᠭᠡᠯᠡᠳᠡᠭᠡ ᠶᠢᠨ ᠬᠢᠨ ᠢ ᠳᠠᠭᠤᠳᠠᠨ ᠤᠰᠤ ᠠᠪᠴᠢᠷᠠᠭᠤᠯᠵᠤ ᠭᠠᠯ ᠤᠨᠳᠠᠷᠠᠭᠠᠨ᠂ ᠲᠠᠬᠢᠨ ᠳᠠᠪᠲᠠᠨ | ᠭᠠᠷᠤᠭᠰᠠᠨ ᠭᠠᠯ ᠢ ᠤᠨᠳᠠᠷᠠᠭᠠᠨ᠂ ᠠᠶᠢᠯ ᠡᠷᠦᠬᠡ ᠶᠢᠨ ᠰᠢᠳᠠᠭᠰᠠᠨ ᠦᠭᠡᠢ ᠡᠳ᠋ ᠪᠣᠳᠠᠰ ᠢ ᠠᠮᠤᠷ ᠲᠦᠪᠰᠢᠨ ᠭᠠᠵᠠᠷ | ᠬᠦᠷᠭᠡᠵᠦ᠂ ᠬᠠᠭᠠᠰ ᠴᠠᠭ ᠭᠠᠷᠤᠢ ᠡᠷᠡᠯᠬᠡᠭᠯᠡᠨ ᠪᠠᠶᠢᠯᠳᠣᠵᠣ᠂ ᠲᠦᠢᠮᠡᠷ ᠢ ᠪᠥᠬᠦᠨ ᠢ ᠤᠨᠲᠠᠷᠠᠭᠠᠵᠠᠢ᠃ | ᠵᠠᠷᠯᠠᠨ ᠨᠡᠶᠢᠲᠡᠯᠡᠬᠦ ᠴᠠᠭ᠄ 2025 ᠣᠨ ᠤ 1 ᠰᠠᠷ᠎ᠠ ᠶᠢᠨ 7 ᠤ ᠡᠳᠦᠷ - 14 ᠤ ᠡᠳᠦᠷ | ᠬᠠᠷᠢᠯᠴᠠᠬᠤ ᠤᠲᠠᠰᠤ᠄ 5619478᠂ 5619479 | ᠰᠢᠦᠳᠠᠨ ᠬᠠᠶᠢᠷᠴᠠᠭ᠄ btszzwbgs@163.com | |