ᠵᠢᠯ ᠤᠨ ᠡᠬᠢᠨ ᠳᠤ ᠠᠩᠬᠠᠳᠠᠭᠴᠢ ᠰᠣᠩᠭᠤᠭᠳᠠᠵᠤ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ ᠢ ᠬᠥᠷᠳᠡᠪᠡ
ᠨᠡᠶᠢᠲᠡᠯᠡᠭᠰᠡᠨ ᠴᠠᠭ᠄
2025/1/9
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠳᠠᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠰᠢᠨᠵᠢᠯᠡᠬᠦ ᠤᠬᠠᠭᠠᠨ ᠲᠠᠷᠬᠠᠭᠠᠭᠰᠠᠨ ︹2023︺ 257 ᠳ᠋ᠤᠭᠠᠷ ᠲᠣᠭᠠᠲᠤ ︶ ᠤᠨ ᠠᠵᠢᠯ ᠤᠨ ᠪᠠᠶᠢᠷᠢᠯᠠᠭᠤᠯᠤᠯᠲᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ︽2024 ᠣᠨ ᠤ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ ᠶᠢ ᠦᠨᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠠᠮᠢ ᠠᠬᠤᠢ  ᠬᠢᠷᠢ ᠬᠡᠮ︹2024︺ 10 ᠳ᠋ᠤᠭᠠᠷ ᠲᠣᠭᠠᠲᠤ︶ ᠪᠠ ︽ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ ᠶᠢ ᠦᠨᠡᠯᠡᠬᠦ ᠮᠡᠷᠭᠡᠵᠢᠯ ᠤᠨ ᠵᠢᠷᠤᠮᠵᠢᠯ︾ ︵NY/T3667-2020︶ ᠤᠨ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ 2024 ᠣᠨ ᠤ ᠥᠪᠥᠷ ᠮᠣᠩᠭᠤᠯ ᠤᠨ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ ᠶᠢ ᠪᠤᠶᠢᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠨ ᠳᠤᠷ᠎ᠠ ᠠᠴᠠ ᠪᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠢᠶᠠᠷ ᠲᠠᠨᠢᠯᠴᠠᠭᠤᠯᠬᠤ᠂ ᠲᠤᠬᠠᠶ ᠶᠢᠨ ᠲᠠᠯᠠᠪᠠᠶ ᠳᠤ ᠰᠣᠯᠢᠯᠴᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 33 ᠵᠠᠬ᠎ᠠ ᠳᠡᠯᠭᠡᠭᠦᠷ ᠤᠨ ᠭᠤᠤᠯ ᠴᠣᠭᠴᠠ ᠶᠢ ︵ᠳᠠᠭᠠᠯᠳᠤᠭᠤᠯᠤᠯ ᠳᠤ ᠦᠵᠡ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠲᠠᠷᠢᠶᠠᠯᠠᠩ ᠤᠨ ᠲᠠᠯᠠᠪᠠᠶ ᠶᠢ 3 ᠵᠢᠯ ᠤᠨ ᠪᠠᠷᠢᠮᠵᠢᠶ᠎ᠠ ᠪᠠᠷ ᠪᠤᠶᠢᠵᠢᠭᠤᠯᠬᠤ ᠪᠠᠷ ᠳᠣᠭᠳᠠᠵᠤ᠂ ᠢᠯᠡ ᠨᠡᠶᠢᠳᠡᠯᠡᠪᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠮᠠᠷᠠᠲᠤ ᠶᠢᠨ ᠾᠧ ᠮᠦ ᠲᠠᠷᠢᠶᠠᠯᠠᠩ ᠮᠠᠯ ᠠᠵᠤ ᠠᠬᠤᠢ ᠶᠢᠨ ᠳᠣᠰᠠᠬᠠᠢ ᠬᠤᠷᠰᠢᠶᠠᠵᠢᠯ ᠰᠤᠩᠭᠤᠭᠳᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号