ᠬᠢᠯᠢ ᠬᠢᠵᠠᠭᠠᠷ ᠢ ᠬᠠᠮᠠᠭᠠᠯᠠᠬᠤ ᠰᠣᠶᠣᠯ ᠢ ᠤᠯᠠᠮ ᠨᠢᠭᠡ ᠠᠯᠬᠤᠮ ᠤᠬᠠᠭᠤᠯᠤᠨ ᠪᠠᠳᠠᠷᠠᠭᠤᠯᠵᠤ᠂ ᠰᠠᠭᠤᠭ᠎ᠠ | ᠭᠠᠵᠠᠷ ᠤᠨ ᠬᠡᠤᠬᠡᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠬᠠᠮᠰᠠᠷ ᠢ ᠪᠣᠶ ᠪᠣᠯᠭᠠᠵᠤ᠂ ᠡᠶ᠎ᠡ ᠵᠣᠬᠢᠴᠠᠯ ᠲᠠᠢ ᠴᠠᠭᠳᠠᠭ᠎ᠠ ᠠᠷᠠᠳ ᠤᠨ ᠬᠠᠷᠢᠴᠠᠭ᠎ᠠ ᠶᠢ ᠪᠠᠶᠢᠭᠤᠯᠬᠤ ᠶᠢ | ᠠᠬᠢᠭᠤᠯᠬᠤ ᠶᠢᠨ ᠲᠥᠯᠥᠭᠡ᠂ 1 ᠰᠠᠷ᠎ᠠ ᠶᠢᠨ 7 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ | ᠬᠡᠤᠬᠡᠳ ᠤᠨ ᠴᠡᠴᠡᠷᠯᠢᠭ ᠤᠨ 50 ᠭᠠᠷᠤᠶ ᠪᠠᠭᠰᠢ ᠰᠣᠷᠣᠭᠴᠢ ᠪᠠ ᠬᠡᠷ ᠤᠨ ᠠᠬᠠᠮᠠᠳ ᠢ ᠴᠠᠭᠳᠠᠭᠠᠨ ᠤ | ᠬᠤᠸᠠᠷᠠᠨ ᠳᠤ ᠤᠷᠢᠵᠤ᠂ ︽ᠬᠢᠯᠢ ᠬᠢᠵᠠᠭᠠᠷ ᠢ ᠬᠠᠮᠠᠭᠠᠯᠠᠬᠤ ᠰᠣᠶᠣᠯ ᠨᠢ ᠬᠡᠤᠬᠡᠳ ᠤᠨ ᠰᠡᠳᠬᠢᠯ ᠢ ᠤᠮᠳᠠᠯᠠᠵᠤ᠂ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠡᠭᠦᠷᠢᠳᠡ ᠤᠯᠠᠮᠵᠢᠯᠠᠬᠤ︾ ᠭᠤᠤᠯ ᠰᠡᠳᠦᠪᠲᠦ ᠴᠠᠭᠳᠠᠭᠠᠨ ᠤ | ᠬᠤᠸᠠᠷᠠᠨ ᠤ ᠨᠡᠭᠡᠭᠡᠯᠲᠡᠲᠦ ᠡᠳᠦᠷ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠲᠤᠬᠠᠶ ᠶᠢᠨ ᠲᠠᠯᠠᠪᠠᠶ ᠳᠤ | ᠲᠣᠭᠤᠷᠢᠨ ᠦᠵᠡᠬᠦ᠂ ᠪᠡᠶ᠎ᠡ ᠪᠠᠷ ᠢᠶᠠᠨ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠢᠯᠢ ᠬᠢᠵᠠᠭᠠᠷ ᠢ | ᠬᠠᠮᠠᠭᠠᠯᠠᠬᠤ ᠰᠣᠶᠣᠯ ᠢ ᠮᠡᠳᠡᠷᠡᠵᠦ᠂ ᠴᠠᠭᠳᠠᠭᠠᠨ ᠤ ᠬᠤᠸᠠᠷᠠᠨ ᠤ ᠠᠮᠢᠳᠤᠷᠠᠯ ᠢ ᠪᠡᠶᠡᠴᠢᠯᠡᠨ ᠣᠶᠢᠯᠠᠭᠠᠪᠠ᠃ | ᠠᠷᠠᠳ ᠤᠨ ᠴᠠᠭᠳᠠᠭ᠎ᠠ ᠶᠢᠨ ᠨᠠᠷᠢᠨ ᠨᠢᠮᠪᠠᠶ ᠲᠠᠶᠢᠯᠤᠮᠵᠢ ᠳᠣᠤᠷ᠎ᠠ᠂ ᠪᠠᠭᠰᠢ ᠰᠣᠷᠣᠭᠴᠢ ᠪᠣᠯᠤᠨ ᠬᠡᠷ ᠤᠨ | ᠠᠬᠠᠮᠠᠳ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ᠂ ᠴᠠᠭᠳᠠᠭᠠᠨ ᠤ ᠪᠡᠶ᠎ᠡ ᠶᠢᠨ | ᠲᠠᠮᠢᠷ ᠤᠨ ᠣᠷᠳᠣᠨ᠂ ᠬᠡᠷ ᠣᠷᠣᠨ ᠤ ᠰᠣᠶᠣᠯ ᠤᠨ ᠲᠥᠪ ᠵᠡᠷᠭᠡ ᠴᠢᠳᠠᠮᠵᠢ ᠶᠢᠨ ᠣᠷᠣᠨ ᠪᠦᠰᠡ ᠶᠢ ᠡᠮᠬᠢ | ᠵᠢᠷᠤᠮ ᠲᠠᠢ ᠪᠠᠷ ᠲᠣᠭᠤᠷᠢᠨ ᠦᠵᠡᠵᠦ᠂ ᠴᠠᠭᠳᠠᠭᠠᠨ ᠤ ᠬᠤᠸᠠᠷᠠᠨ ᠤ ᠠᠭᠤᠷ ᠠᠮᠢᠰᠬᠤᠯ ᠢ ᠲᠠᠰᠤᠷᠠᠯᠲᠠ ᠥᠬᠡᠶ | ᠣᠶᠢᠯᠠᠭᠠᠵᠤ᠂ ᠨᠡᠭᠦᠳᠡᠯ ᠠᠷᠠᠳ ᠤᠨ ᠴᠠᠭᠳᠠᠭᠠᠨ ᠤ ᠠᠵᠢᠯ ᠠᠮᠢᠳᠤᠷᠠᠯ ᠢ ᠪᠡᠶᠡᠴᠢᠯᠡᠨ ᠣᠶᠢᠯᠠᠭᠠᠪᠠ᠃ ᠢᠷᠠᠭᠤ | ᠠᠯᠳᠠᠷ ᠤᠨ ᠲᠠᠰᠤᠭ ᠢ ᠲᠤᠭᠤᠷᠢᠨ ᠦᠵᠡᠬᠦ ᠶᠠᠪᠤᠴᠠ ᠳᠤ᠂ ᠠᠷᠠᠳ ᠤᠨ ᠴᠠᠭᠳᠠᠭ᠎ᠠ ᠣᠯᠠᠨ ᠳᠤ ᠪᠠᠶᠢᠭᠤᠯᠭ᠎ᠠ ᠶᠢᠨ | ᠬᠥᠭᠵᠢᠯᠲᠡ ᠶᠢᠨ ᠶᠠᠪᠤᠴᠠ ᠪᠣᠯᠤᠨ ᠣᠯᠤᠭᠰᠠᠨ ᠦᠷ᠎ᠡ ᠪᠦᠲᠦᠭᠡᠯ᠂ ᠢᠷᠠᠭᠤ ᠠᠯᠳᠠᠷ᠂ ᠴᠣᠯᠭᠤᠷᠠᠨ ᠭᠠᠷᠤᠭᠰᠠᠨ | ᠲᠡᠷᠢᠭᠦᠨ ᠤ ᠬᠥᠮᠦᠰ ᠤᠨ ᠦᠢᠯᠡ ᠠᠵᠢᠯᠯᠠᠭ᠎ᠠ ᠶᠢ ᠲᠠᠨᠢᠯᠴᠠᠭᠤᠯᠵᠤ᠂ ᠢᠷᠠᠭᠤ ᠠᠯᠳᠠᠷ ᠤᠨ ᠭᠡᠷᠡᠯ ᠵᠢᠷᠤᠭ | ᠨᠢᠭᠡᠪᠦᠷᠢ ᠨᠢ ᠪᠢᠴᠢᠬᠠᠨ ᠨᠠᠶᠢᠵᠠ ᠨᠠᠷ ᠤᠨ ᠠᠩᠬᠠᠷᠤᠯ ᠢ ᠲᠠᠲᠠᠵᠤ᠂ ᠲᠡᠳᠡᠨ ᠤ ᠬᠦᠨᠳᠦᠳᠭᠡᠯ ᠪᠢᠰᠢᠷᠡᠯ ᠢ ᠤᠯᠵᠤ᠂ | ᠠᠷᠠᠳ ᠤᠨ ᠴᠠᠭᠳᠠᠭ᠎ᠠ ᠶᠢᠨ ᠮᠥᠷᠥᠨ ᠳᠡᠭᠡᠷᠡᠬᠢ ᠬᠠᠷᠢᠭᠤᠴᠠᠯᠭ᠎ᠠ ᠪᠣᠯᠤᠨ ᠡᠭᠦᠷᠭᠡᠯᠡᠯ ᠢ ᠣᠶᠢᠯᠠᠭᠠᠵᠤ ᠮᠡᠳᠡᠭᠰᠡᠨ | ᠪᠠᠶᠢᠨ᠎ᠠ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠣᠭᠤᠷᠢᠭ ᠢ ᠲᠣᠭᠤᠷᠢᠨ ᠦᠵᠡᠬᠦ ᠶᠠᠪᠤᠴᠠ ᠳᠤ᠂ | ᠠᠷᠠᠳ ᠤᠨ ᠴᠠᠭᠳᠠᠭ᠎ᠠ ᠨᠠᠷ ᠣᠳᠣᠬᠠᠨ ᠤ ᠬᠠᠤᠯᠢ ᠬᠡᠷᠡᠭᠵᠢᠭᠦᠯᠬᠦ ᠡᠩᠨᠡᠭᠡ ᠳᠤ ᠬᠡᠷᠡᠭᠯᠡᠬᠦ ᠣᠳᠣᠬᠢᠴᠢᠯᠠᠭᠰᠠᠨ ᠲᠣᠨᠤᠭ | ᠲᠥᠬᠦᠭᠡᠷᠦᠮᠵᠢ ᠶᠢ ᠣᠯᠠᠨ ᠳᠤ ᠳᠡᠯᠭᠡᠨ ᠦᠵᠡᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠪᠤᠴᠠ ᠪᠠ | ᠡᠯ᠎ᠡ ᠴᠢᠳᠠᠮᠵᠢᠳᠤ ᠣᠷᠣᠨ ᠤ ᠦᠢᠯᠡᠳᠦᠯ ᠢ ᠨᠠᠷᠢᠨ ᠲᠣᠳᠣᠷᠬᠠᠶ ᠲᠠᠶᠢᠯᠪᠤᠷᠢᠯᠠᠵᠤ᠂ ᠪᠢᠴᠢᠬᠠᠨ ᠨᠠᠶᠢᠵᠠ ᠨᠠᠷ ᠲᠤ | ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠨᠢᠭᠡᠨ ᠬᠠᠤᠯᠢ ᠶᠢ ᠰᠠᠬᠢᠭᠰᠠᠨ ᠪᠣᠯᠪᠠᠰᠤᠨ ᠢᠷᠭᠡᠨ | ᠪᠣᠯᠬᠤ ᠬᠡᠷᠡᠭᠲᠡᠶ ᠭᠡᠵᠦ ᠰᠠᠨᠠᠭᠤᠯᠪᠠ᠃ ᠴᠠᠭᠳᠠᠭᠠᠨ ᠤ ᠪᠡᠶ᠎ᠡ ᠵᠢᠨᠲ᠋ᠠᠮᠢᠷ ᠤᠨ ᠣᠷᠳᠣᠨ ᠢ ᠲᠣᠭᠤᠷᠢᠨ ᠦᠵᠡᠬᠦ | ᠦᠶ᠎ᠡ ᠳᠤ᠂ ᠳᠠᠭᠤᠷᠢᠶᠠᠮᠠᠯ ᠫᠤᠤᠳᠠᠯᠭ᠎ᠠ ᠶᠢᠨ ᠰᠢᠰᠲ᠋ᠧᠮ᠂ ᠴᠠᠭᠳᠠᠭᠠᠨ ᠤ ᠬᠤᠸᠠᠷᠠᠨ ᠤ ᠳᠠᠭᠤᠨ ᠤ ᠪᠠᠭᠠᠷ ᠪᠠ VR | ᠲᠥᠬᠦᠭᠡᠷᠦᠮᠵᠢ ᠵᠡᠷᠭᠡ ᠠᠯᠢ ᠣᠯᠠᠨ ᠠᠮᠢᠳᠤᠷᠠᠯ ᠤᠨ ᠲᠥᠬᠦᠭᠡᠷᠦᠮᠵᠢ ᠨᠢ ᠬᠡᠦᠬᠡᠳ ᠤᠨ ᠮᠠᠰᠢ ᠶᠡᠭᠡ ᠳᠤᠷ᠎ᠠ | ᠰᠣᠨᠢᠷᠬᠠᠯ ᠢ ᠲᠠᠲᠠᠵᠠᠶ᠃ ᠠᠷᠠᠳ ᠤᠨ ᠴᠠᠭᠳᠠᠭ᠎ᠠ ᠫᠤᠤᠳᠠᠬᠤ ᠤᠷ᠎ᠠ ᠮᠡᠷᠭᠡᠵᠢᠯ ᠪᠠ ᠲᠥᠬᠦᠭᠡᠷᠦᠮᠵᠢ ᠶᠢ ᠬᠡᠷᠡᠭᠯᠡᠬᠦ | ᠠᠷᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠭᠰᠠᠨ ᠪᠥᠭᠡᠳ ᠪᠢᠴᠢᠬᠠᠨ ᠨᠠᠶᠢᠵᠠ ᠨᠠᠷ ᠢ ᠤᠷᠢᠵᠤ ᠥᠪᠡᠷ ᠤᠨ | ᠪᠡᠶ᠎ᠡ ᠪᠠᠷ ᠨᠢ ᠣᠶᠢᠯᠠᠭᠠᠭᠤᠯᠵᠤ᠂ ᠲᠤᠬᠠᠢ ᠶᠢᠨ ᠲᠠᠯᠠᠪᠤᠷ ᠲᠤ ᠪᠠᠶᠠᠷ ᠪᠠᠭ᠋ᠠᠳᠤᠯ ᠢᠶᠠᠷ ᠪᠢᠯᠬᠠᠭᠰᠠᠨ ᠦᠵᠡᠭᠳᠡᠯ ᠤᠳ ᠢ | ᠦᠯᠡᠳᠡᠭᠡᠭᠰᠡᠨ ᠪᠠᠶᠢᠨ᠎ᠠ᠃ ᠬᠠᠮᠤᠭ ᠰᠡᠭᠦᠯ ᠳᠤ᠂ ᠠᠷᠠᠳ ᠤᠨ ᠴᠠᠭᠳᠠᠭ᠎ᠠ ᠪᠠᠭᠰᠢ ᠰᠤᠷᠤᠭᠴᠢ ᠪᠠ ᠭᠡᠷ ᠤᠨ | ᠠᠬᠠᠮᠠᠳ ᠢ ᠤᠷᠢᠵᠤ ᠴᠠᠭᠳᠠᠭᠤᠯ ᠨᠣᠬᠠᠶ ᠪᠣᠯᠤᠨ ᠵᠢᠯᠣᠭᠤᠴᠢ ᠦᠭᠡᠶ ᠨᠢᠰᠬᠡᠯ ᠤᠨ ᠡᠳᠦᠷ ᠲᠤᠲᠤᠮ ᠤᠨ | ᠪᠣᠯᠪᠠᠰᠤᠷᠠᠯ ᠤᠨ ᠬᠢᠴᠢᠶᠡᠯ ᠲᠥᠷᠥᠯ ᠢ ᠲᠣᠭᠤᠷᠢᠨ ᠦᠵᠡᠬᠦᠯᠵᠦ᠂ ᠴᠠᠭᠳᠠᠭᠤᠯ ᠨᠣᠬᠠᠶ ᠢᠳᠡᠷᠡᠬᠦᠨ ᠲᠤᠷᠪᠢᠳᠠᠢ᠂ ︽ | ᠴᠠᠭᠳᠠᠭᠠᠨ ᠤ ᠵᠢᠭᠦᠷ︾ ᠤᠭᠳᠠᠷᠭᠤᠢ ᠳᠤ ᠲᠡᠬᠦᠯᠢᠨ᠂ ᠲᠤᠬᠠᠶ ᠶᠢᠨ ᠲᠠᠯᠠᠪᠠᠢ ᠳᠤ ᠠᠯᠠᠭ᠎ᠠ ᠲᠠᠰᠢᠯᠳᠠ ᠶᠢᠨ ᠲᠠᠭᠤᠨ | ᠨᠢᠵᠢᠬᠢᠨᠡᠨᠡ᠃ | ᠲᠣᠰ ᠤᠳᠠᠭᠠᠨ ᠤ ᠴᠠᠭᠳᠠᠭᠠᠨ ᠤ ᠬᠤᠸᠠᠷᠠᠨ ᠤ ᠨᠡᠭᠡᠭᠡᠯᠲᠡᠲᠦ ᠡᠳᠦᠷ ᠤᠨ ᠠᠵᠢᠯᠯᠠᠭ᠎ᠠ ᠨᠢ ᠪᠠᠭᠰᠢ ᠰᠣᠷᠣᠭᠴᠢ | ᠪᠣᠯᠤᠨ ᠬᠡᠷ ᠤᠨ ᠠᠬᠠᠮᠠᠳ ᠲᠤ ︽ᠬᠢᠯᠢ ᠬᠢᠵᠠᠭᠠᠷ ᠢ ᠬᠠᠮᠠᠭᠠᠯᠠᠬᠤ ᠰᠣᠶᠣᠯ ᠤᠨ ᠬᠢᠴᠢᠶᠡᠯ︾ ᠬᠠᠩᠭᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ | ᠪᠦᠲᠦᠮᠵᠢᠲᠡᠶ ᠬᠥᠮᠦᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠡᠭᠦᠳᠡᠯ ᠠᠷᠠᠳ ᠤᠨ ᠴᠠᠭᠳᠠᠭᠠᠨ ᠤ ᠬᠢᠯᠢ | ᠬᠢᠵᠠᠭᠠᠷ ᠢ ᠰᠠᠬᠢᠨ ᠬᠠᠮᠠᠭᠠᠯᠠᠬᠤ᠂ ᠤᠯᠤᠰ ᠤᠨ ᠡᠭᠦᠳᠡ ᠶᠢ ᠬᠠᠮᠠᠭᠠᠯᠠᠬᠤ ᠬᠠᠮᠠᠭᠠᠯᠠᠭᠴᠢ ᠶᠢᠨ ᠴᠤᠭ ᠵᠢᠪᠬᠤᠭ᠎ᠠ ᠶᠢ | ᠢᠯᠡᠷᠡᠭᠦᠯᠵᠦ᠂ ᠨᠠᠩ ᠴᠤ ᠲᠡᠳᠡᠨ ᠤ ᠰᠡᠳᠬᠢᠯ ᠳᠤ ᠴᠠᠭᠳᠠᠭ᠎ᠠ ᠶᠢ ᠬᠠᠶᠢᠷᠠᠯᠠᠬᠤ᠂ ᠴᠠᠭᠳᠠᠭ᠎ᠠ ᠶᠢ ᠬᠦᠷᠢᠶᠡᠯᠡᠬᠦ ᠦᠷ᠎ᠡ | ᠲᠠᠷᠢᠵᠤ ᠂ ᠨᠢᠭᠡᠳᠦᠯᠲᠡᠶ ᠵᠥᠪᠰᠢᠶᠡᠷᠡᠯ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ |