ᠴᠠᠭᠠᠨ ᠰᠠᠷ᠎ᠠ ᠶᠢᠨ ᠬᠤᠭᠤᠴᠠᠭᠠᠨ ᠳᠤ  ᠺᠢᠨᠣ᠋ ᠦᠵᠡᠬᠦ ᠨᠢ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ  ᠢᠶᠠᠷ ᠴᠣᠯᠭᠤᠷᠠᠪᠠ
ᠨᠡᠶᠢᠲᠡᠯᠡᠭᠰᠡᠨ ᠴᠠᠭ᠄
2025/2/10
ᠡᠨᠡ ᠴᠠᠭᠠᠨ ᠰᠠᠷ᠎ᠠ ᠳᠤ ᠲᠠ ᠺᠢᠨᠤ᠋ ᠶᠢᠨ ᠣᠷᠳᠣᠨ ᠳᠤ ᠣᠷᠣᠵᠤ᠂ ᠲᠣᠮᠣ  ᠬᠥᠰᠢᠭᠡ ᠶᠢᠨ ᠭᠠᠶᠢᠬᠠᠮᠰᠢᠭ ᠢ  ᠪᠡᠶᠡᠴᠢᠯᠡᠨ ᠣᠶᠢᠯᠭᠠᠭᠰᠠᠨ ᠤᠤ︖     ᠮᠤᠭᠠᠢ ᠵᠢᠯ ᠤᠨ ᠰᠠᠷ᠎ᠠ ᠰᠢᠨ᠎ᠡ ᠤᠨ ᠪᠠᠶᠠᠷ ᠢᠶᠠᠷ ᠰᠢᠯᠢᠳᠡᠭ ᠰᠠᠶᠢᠬᠠᠨ ᠺᠢᠨᠤ᠋ ᠵᠦᠴᠦᠭᠡ ᠶᠢ ᠰᠤᠨᠢᠷᠬᠠᠵᠠᠭᠠᠶ᠎ᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠺᠢᠨᠣ᠋ ᠶᠢᠨ  ᠵᠠᠬ᠎ᠠ ᠲᠡᠯᠭᠡᠭᠦᠷ ᠬᠦᠷ ᠬᠥᠭᠵᠢᠶᠡᠨ ᠲᠠᠢ ᠪᠠᠶᠢᠵᠤ᠂ ᠺᠢᠨᠣ᠋ ᠶᠢᠨ ᠣᠷᠳᠣᠨ ᠳᠤ ᠬᠦᠷᠴᠦ ᠺᠢᠨᠣ᠋ ᠦᠵᠡᠬᠦ ᠨᠢ ᠴᠥᠭᠡᠨ ᠪᠤᠰᠤ ᠰᠠᠭᠤᠭᠠᠯᠢ ᠠᠷᠠᠳ ᠤᠨ ᠴᠠᠭᠠᠨ ᠰᠠᠷ᠎ᠠ ᠪᠠᠨ ᠥᠩᠭᠡᠷᠡᠭᠦᠯᠬᠦ ︽ᠰᠢᠨ᠎ᠡ ᠵᠢᠯ ᠤᠨ ᠶᠤᠰᠤ ᠵᠠᠩᠰᠢᠯ︾ ᠪᠣᠯᠤᠭᠰᠠᠨ ᠪᠠᠶᠢᠨ᠎ᠠ᠃ ᠡᠨᠡ ᠵᠢᠯ ᠤᠨ ᠴᠠᠭᠠᠨ ᠰᠠᠷ᠎ᠠ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠺᠢᠨᠣ᠋ ᠦᠵᠡᠭᠴᠢ ᠶᠢᠨ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠰᠣᠶᠣᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ  ᠢ ᠢᠯᠡᠷᠡᠬᠦᠯᠪᠡ᠃   ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠷᠡᠨ ᠺᠢᠨᠣ᠋ ᠶᠢᠨ ᠬᠤᠲᠠ ᠳᠤ᠂ ᠰᠤᠷᠪᠤᠯᠵᠢᠯᠠᠭᠴᠢ ᠺᠢᠨᠣ᠋ ᠶᠢᠨ ᠣᠷᠳᠣᠨ ᠤ ᠬᠡᠷᠡᠮ ᠪᠣᠯᠤᠨ ᠬᠤᠩᠭᠢᠯ ᠳᠤ ᠴᠠᠭᠠᠨ ᠰᠠᠷ᠎ᠠ ᠶᠢᠨ ᠬᠤᠭᠤᠴᠠᠭᠠᠨ ᠤ ᠺᠢᠨᠣ᠋ ᠶᠢᠨ ᠤᠬᠠᠭᠤᠯᠭ᠎ᠠ ᠶᠢᠨ ᠵᠠᠷᠯᠠᠯ ᠳᠦᠭᠦᠷᠴᠦ᠂ ᠺᠢᠨᠣ᠋ ᠶᠢᠨ ᠣᠷᠳᠣᠨ ᠤ ᠶᠡᠭᠡ ᠲᠢᠩᠬᠢᠮ ᠳᠤ  ᠨᠢᠭᠡ ᠭᠡᠷ ᠪᠦᠯᠢ ᠶᠢᠨ ᠬᠢᠨ‌ᠨᠠᠰᠤᠲᠠᠨ ᠭᠡᠤᠭᠡᠳ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠠᠮᠲᠤ ᠢᠷᠡᠵᠦ ᠮᠥᠷᠯᠡᠨ ᠪᠢᠯᠧᠲ ᠬᠤᠳᠠᠯᠳᠤᠨ ᠠᠪᠬᠤ ᠪᠤᠶᠤ ᠪᠢᠯᠧᠲ ᠪᠠᠶᠢᠴᠠᠭᠠᠬᠤ ᠶᠢ ᠬᠦᠯᠢᠶᠡᠵᠦ᠂ ᠤᠳᠠᠯ ᠦᠭᠡᠢ ᠦᠵᠡᠬᠦ ᠭᠡᠵᠦ ᠪᠠᠶᠢᠭ᠎ᠠ ᠺᠢᠨᠣ᠋  ᠪᠠᠨ ᠶᠠᠷᠢᠯᠴᠠᠵᠤ ᠪᠠᠶᠢᠯ᠎ᠠ᠃ ᠺᠢᠨᠤ᠋ ᠶᠢᠨ ᠣᠷᠳᠤᠨ ᠳᠤ᠂ ᠭᠤᠶᠢᠳᠠ ᠰᠠᠶᠢᠬᠠᠨ ᠺᠢᠨᠤ᠋  ᠨᠢ ᠦᠵᠡᠭᠴᠢᠳ ᠤᠨ ᠭᠡᠷᠡᠯ ᠵᠢᠷᠤᠭ ᠤᠨ ᠵᠡᠭᠦᠳᠦ ᠵᠡᠷᠭᠡᠯᠭᠡᠨ ᠳᠤᠮᠳᠠ ᠥᠪᠡᠷᠮᠢᠴᠡ ᠷᠢᠳᠢ ᠰᠢᠳᠢ ᠶᠢ  ᠡᠳ᠋ᠯᠡᠬᠦᠯᠦᠭᠰᠡᠨ ᠪᠠᠶᠢᠨ᠎ᠠ᠃   ᠪᠢ ᠭᠡᠷ ᠤᠨ ᠬᠥᠮᠦᠰ ᠲᠠᠢ ᠪᠠᠨ ︽  ᠨᠧ ᠵᠠ ᠰᠢᠮᠨᠤᠰ  ᠢ ᠲᠠᠷᠤᠭᠰᠠᠨ ᠨᠢ ︾  ᠬᠡᠬᠦ ᠺᠢᠨᠣ᠋ ᠶᠢ ᠦᠵᠡᠭᠰᠡᠨ ᠤ ᠳᠠᠷᠠᠭ᠎ᠠ ᠮᠠᠨ ᠤ ᠳᠤᠮᠳᠠᠳᠤ ᠤᠯᠤᠰ ᠤᠨ ᠰᠣᠶᠣᠯ ᠳᠤ ᠮᠠᠰᠢ ᠣᠮᠣᠭᠰᠢᠵᠤ ᠪᠠᠶᠢᠨ᠎ᠠ᠂  ᠮᠦᠨ ᠴᠤ ᠮᠠᠰᠢ ᠰᠡᠳᠬᠢᠯ ᠳᠣᠭᠳᠣᠯᠵᠤ ᠪᠠᠶᠢᠨ᠎ᠠ︾ ᠭᠡᠵᠦ  ᠦᠵᠡᠭᠴᠢ ᠬᠤᠷᠴᠢᠨᠬᠦᠦ ᠬᠡᠯᠡᠪᠡ᠃   ︽  ᠪᠢ  ᠰᠠᠶ᠋ᠢᠬᠠᠨ ︿ᠨᠧ ᠵᠠ ᠰᠢᠮᠨᠤᠰ  ᠢ ᠲᠠᠷᠤᠭᠰᠠᠨ ᠨᠢ﹀ ᠪᠤᠯᠤᠨ ︿ᠲᠠᠩ ᠤᠯᠤᠰ ᠤᠨ ᠲᠠᠩᠨᠠᠭᠤᠯ1900   ﹀ ᠭᠡᠬᠦ ᠬᠤᠶᠠᠷ ᠺᠢᠨᠣ᠋ ᠶᠢ ᠦᠵᠡᠵᠦ ᠳᠠᠭᠤᠰᠤᠭᠠᠳ᠂ ᠬᠤᠶᠠᠷ ᠺᠢᠨᠣ᠋ ᠠᠴᠠ ᠮᠠᠨ ᠤ ᠤᠯᠤᠰ ᠤᠨ ᠺᠢᠨᠣ᠋ ᠶᠢᠨ ᠲᠦᠷᠭᠡᠨ ᠬᠥᠭᠵᠢᠯᠲᠡ ᠶᠢ ᠣᠯᠵᠤ ᠮᠡᠳᠡᠪᠡ᠃ ᠢᠯᠠᠩᠭᠤᠶ᠎ᠠ ︿ᠰᠢᠮᠨᠤᠰ ᠳᠠᠯᠠᠢ ᠲᠠᠩᠭᠢᠰ ᠢ ᠲᠦᠢᠪᠡᠭᠡᠭᠰᠡᠨ ᠨᠢ ﹀ ᠭᠡᠬᠦ ᠺᠢᠨᠤ᠋  ᠠᠴᠠ  ᠲᠤᠮᠳᠠᠳᠤ ᠤᠯᠤᠰ ᠤᠨ ᠺᠠᠷᠲ᠋ᠣᠨ ᠵᠢᠷᠤᠭ ᠤᠨ ᠮᠠᠨᠳᠤᠨ ᠬᠥᠭᠵᠢᠵᠦ ᠪᠠᠶᠢᠬᠤ ᠶᠢ ᠣᠯᠵᠤ ᠮᠡᠳᠡᠪᠡ᠃ ᠲᠠᠩ ᠤᠯᠤᠰ ᠤᠨ ᠲᠠᠩᠨᠠᠭᠤᠯ ᠠᠴᠠ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠣᠶᠢᠯᠠᠭᠠᠵᠤ᠂ ᠬᠤᠶᠠᠷ ᠺᠢᠨᠣ᠋ ᠴᠥᠮ ᠮᠠᠰᠢ ᠭᠤᠶᠢᠳᠠ ᠰᠠᠶᠢᠬᠠᠨ ᠪᠠᠶᠢᠯ᠎ᠠ︾ ᠬᠡᠵᠦ ᠰᠠᠶ᠋ᠢᠬᠠᠨ ᠺᠢᠨᠣ᠋ ᠦᠵᠡᠵᠦ ᠳᠠᠭᠤᠰᠤᠭᠰᠠᠨ  ᠦᠵᠡᠭᠴᠢ ᠵᠢᠶᠠ ᠫᠡᠨ ᠬᠡᠯᠡᠪᠡ᠃    ᠺᠢᠨᠣ᠋ ᠦᠵᠡᠬᠦ ᠬᠠᠯᠠᠭᠤᠨ ᠥᠷᠨᠢᠯᠲᠡ ᠦᠷᠭᠦᠯᠵᠢᠯᠡᠨ ᠳᠡᠭᠡᠭᠰᠢᠯᠡᠬᠦ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠷᠡᠨ ᠺᠢᠨᠣ᠋ ᠶᠢᠨ ᠬᠤᠲᠠ ᠴᠤ ᠭᠦᠢᠴᠡᠳ ᠪᠡᠯᠡᠳᠬᠡᠯ ᠬᠢᠵᠦ᠂ ᠠᠵᠢᠯᠲᠠᠳ ᠠᠵᠢᠯ ᠤᠨ ᠪᠠᠶᠢᠷᠢ ᠳᠠᠭᠠᠨ ᠪᠠᠶᠢᠵᠤ ᠵᠣᠴᠢᠨ ᠨᠢᠭᠡᠪᠦᠷᠢ ᠳᠤ ᠰᠡᠳᠬᠢᠯ ᠲᠠᠯᠪᠢᠨ ᠰᠠᠶᠢᠲᠤᠷ ᠦᠢᠯᠡᠴᠢᠯᠡᠪᠡ᠃ ︽ᠡᠨᠡ ᠵᠢᠯ ᠤᠨ ᠴᠠᠭᠠᠨ ᠰᠠᠷ᠎ᠠ ᠶᠢᠨ ᠺᠢᠨᠤ᠋ ᠶᠢᠨ ᠴᠢᠨᠠᠷ ᠴᠢᠨᠰᠠᠭ᠎ᠠ ᠦᠨᠳᠦᠷ᠂ ᠰᠡᠳᠦᠪ ᠨᠢ ᠡᠯᠪᠡᠭ ᠪᠠᠶᠠᠯᠢᠭ᠂ ᠬᠦᠮᠦᠰ ᠤᠨ ᠠᠳᠠᠯᠢ ᠪᠤᠰᠤ ᠺᠢᠨᠤ᠋ ᠦᠵᠡᠬᠦ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮᠤᠭ ᠤᠨ ᠬᠠᠯᠠᠭᠤᠨ ᠲᠤᠰᠬᠠᠯ ᠪᠣᠯ ᠪᠠᠰᠠ  ︿ᠰᠢᠮᠨᠤᠰ ᠳᠠᠯᠠᠢ ᠲᠠᠩᠭᠢᠰ ᠢ ᠲᠦᠢᠪᠡᠭᠡᠭᠰᠡᠨ ᠨᠢ﹀ ᠪᠠ  ︿ᠲᠠᠩ ᠤᠯᠤᠰ ᠤᠨ ᠲᠠᠩᠨᠠᠭᠤᠯ1900 ﹀ ᠭᠡᠬᠦ ᠺᠢᠨᠣ᠋ ᠶᠢ ᠦᠵᠡᠭᠰᠡᠨ ᠨᠣᠷᠮ᠎ᠠ ᠨᠢ ᠲᠦᠢᠯ ᠤᠨ ᠥᠨᠳᠥᠷ ᠪᠠᠶᠢᠵᠤ᠂ 90% ᠠᠴᠠ ᠳᠡᠭᠡᠭᠰᠢ ᠬᠦᠷᠪᠡ︾ ᠬᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠡᠷᠡᠨ  ᠺᠢᠨᠣ᠋ ᠶᠢᠨ ᠬᠤᠲᠠ ᠶᠢᠨ ᠬᠠᠷᠢᠭᠤᠴᠠᠯᠭᠠᠲᠠᠨ ᠯᠢ ᠶᠠᠩ ᠲᠠᠨᠢᠯᠴᠠᠭᠤᠯᠪᠠ᠃   ᠺᠢᠨᠣ᠋ ᠪᠣᠯ ᠰᠠᠭᠤᠭᠠᠯᠢ ᠠᠷᠠᠳ ᠤᠨ ᠴᠢᠨᠠᠷ ᠰᠠᠶᠢᠲᠠᠶ ᠰᠣᠶᠣᠯ ᠤᠨ ᠠᠮᠢᠳᠤᠷᠠᠯ ᠤᠨ ᠬᠥᠭᠡᠭᠡᠴᠡᠯᠳᠦᠯ ᠮᠥᠨ᠂ ᠨᠠᠩ ᠴᠤ ᠬᠤᠲᠠ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠪᠠ ᠰᠣᠶᠣᠯ ᠤᠨ ᠷᠢᠳᠢ ᠰᠢᠳᠢ ᠶᠢᠨ ᠠᠮᠢᠳᠤᠯᠢᠭ ᠵᠢᠷᠤᠭᠯᠠᠯ ᠮᠥᠨ᠃ ᠺᠢᠨᠣ᠋ ᠶᠢᠨ ᠣᠷᠳᠣᠨ ᠳᠤ ᠭᠡᠷ ᠬᠤᠲᠠᠯᠠᠭᠠᠷ ᠵᠶ᠋ᠠᠨ‌ᠬᠠᠮᠲᠤ ᠪᠠᠷ ᠰᠠᠭᠤᠨ ᠭᠡᠷᠡᠯ ᠵᠢᠷᠤᠭ ᠤᠨ ᠦᠪᠡᠳᠡᠭᠰᠢ ᠨᠠᠶᠢᠷ ᠢ ᠡᠳ᠋ᠯᠡᠵᠤ᠂ ᠡᠷᠬᠢᠨ ᠲᠣᠭᠤᠷᠢᠨ  ᠳᠤ ᠤᠴᠢᠵᠤ ᠢᠳᠡᠭᠡᠨ ᠤᠮᠳᠠᠭᠠᠨ  ᠢᠳᠡᠵᠦ᠂ ᠵᠢᠵᠢᠭᠯᠡᠨ ᠬᠤᠳᠠᠯᠳᠤᠬᠤ ᠦᠢᠯᠡᠰ ᠰᠠᠶᠢᠵᠢᠷᠠᠵᠤ᠂ ᠺᠢᠨᠣ᠋ ᠶᠢᠨ ᠠᠵᠤ ᠦᠢᠯᠡᠰ ᠨᠢ ᠰᠣᠶᠣᠯ ᠤᠨ ᠬᠤᠯᠪᠣᠭᠠᠰᠤ ᠪᠠ ᠠᠵᠤ ᠠᠬᠤᠶ ᠶᠢᠨ ᠬᠥᠳᠡᠯᠭᠡᠭᠦᠷ ᠪᠣᠯᠤᠭᠰᠠᠨ ᠤ ᠬᠤᠪᠢ ᠳᠤ᠂ ᠪᠠᠶᠠᠷ ᠤᠨ ᠡᠳᠦᠷ ᠲᠤ ᠪᠠᠶᠠᠷ ᠪᠠᠶᠠᠰᠤᠯ ᠨᠡᠮᠡᠷᠢᠯᠡᠭᠰᠡᠨ ᠢᠶᠠᠷ ᠪᠠᠷᠠᠬᠤ ᠥᠬᠡᠶ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号