ᠳᠣᠣᠷᠠᠳᠤ ᠳᠠᠪᠬᠤᠷᠭ᠎ᠠ ᠶᠢᠨ ᠳᠡᠯᠭᠡᠭᠦᠷ ᠰᠤᠯᠠ ᠲᠠᠯᠪᠢᠭᠳᠠᠬᠤ ᠨᠢ ᠪᠠᠭᠠᠰᠪᠠ | ᠬᠡᠲᠦ ᠳᠡᠯᠭᠡᠭᠦᠷ ᠨᠡᠭᠡᠭᠡᠵᠦ ᠡᠬᠢᠯᠡᠪᠡ | ᠪᠠᠭᠤᠳᠠᠯ ᠬᠥᠮᠥᠨ ᠢᠶᠠᠷ ᠳᠦᠭᠦᠷᠪᠡ | ᠬᠤᠭᠤᠯᠠᠨ ᠭᠡᠷ ᠣᠷᠣᠯᠭ᠎ᠠ ᠪᠠᠨ ᠨᠡᠮᠡᠭᠳᠡᠭᠦᠯᠪᠡ | ᠭᠠᠳᠠᠨ᠎ᠠ ᠠᠴᠠ ᠢᠷᠡᠭᠰᠡᠨ ᠬᠥᠮᠥᠨ ᠠᠮᠠ ᠣᠯᠠᠰᠢᠷᠠᠪᠠ | ᠡᠳᠦᠭᠡ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤ ᠪᠣᠯ ᠬᠥᠷ ᠬᠥᠭᠵᠢᠶᠡᠨ ᠲᠠᠢ | ᠤᠷᠤᠭᠰᠢᠯᠠᠵᠤ ᠪᠠᠶᠢᠨ᠎ᠠ ᠁ | ᠪᠤᠭᠤᠲᠤ ᠬᠤᠲᠠ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ | ᠪᠥᠲᠥᠭᠡᠨ ᠪᠠᠶᠢᠭᠤᠯᠬᠤ ᠭᠤᠤᠯ ᠲᠡᠶᠢᠨ ᠤ ᠲᠠᠯᠠᠪᠤᠷ ᠪᠣᠯᠣᠭᠰᠠᠨ ᠤ ᠬᠤᠪᠢ ᠳᠤ — ᠮᠠᠨᠳᠤᠯ ᠬᠢᠯᠢ ᠶᠢᠨ ᠪᠣᠭᠤᠮᠲᠠ | ᠨᠢ᠂ ᠡᠨᠡ ᠵᠢᠯ ᠠᠴᠠ ᠨᠠᠭᠠᠰᠢ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ | 500 ᠲᠦᠮᠡᠨ ᠲᠣᠨ ᠠᠴᠠ 1000 ᠲᠦᠮᠡᠨ ᠲᠣᠨ ᠢ ᠳᠠᠪᠠᠵᠤ᠂ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ | ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠦᠸᠧ ᠡᠾᠦ᠋ᠢ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠨ | ᠬᠠᠮᠢᠶᠠᠷᠬᠤ ᠬᠥᠮᠥᠷᠭᠡ᠂ ᠢ ᠲᠠᠢ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠵᠡᠷᠭᠡ | 5 ᠪᠣᠭᠤᠮᠲᠠ ᠶᠢᠨ ᠬᠢᠨᠠᠨ ᠬᠠᠮᠢᠶᠠᠷᠬᠤ ᠲᠠᠯᠠᠪᠤᠷ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ ᠪᠥᠬᠦ ᠬᠤᠲᠠ ᠶᠢᠨ | ᠠᠩᠬᠠᠳᠠᠭᠴᠢ ᠴᠢᠩᠭᠡᠯᠢᠭ ᠤᠨ ᠬᠤᠤᠰ ᠴᠢᠷᠦᠭᠦᠯᠲᠦ ᠭᠠᠯᠲᠤ ᠲᠡᠷᠭᠡᠨ ᠤ ᠲᠤᠷᠰᠢᠯᠲᠠ ᠶᠢᠨ ᠴᠡᠭ ᠤᠨ ᠲᠥᠷᠥᠯ | ᠵᠦᠢᠯ ᠢ ᠮᠠᠨᠳᠤᠯ ᠬᠢᠯᠢ ᠶᠢᠨ ᠪᠣᠭᠤᠮᠲᠠ ᠳᠤ ᠵᠢᠩᠬᠢᠨᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠮᠠᠨᠳᠤᠯ ᠬᠢᠯᠢ | ᠶᠢᠨ ᠪᠣᠭᠤᠮᠲᠠ ᠶᠢᠨ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠬᠠᠲᠠᠭᠤ ᠪᠣᠳᠠᠲᠤ ᠬᠦᠴᠦᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠣ ᠰᠢᠨ᠎ᠡ ᠰᠢᠪᠲᠤᠯᠤᠯᠲᠠ ᠨᠢ ᠡᠨᠡ ᠬᠦ ᠨᠠᠮ ᠵᠢᠮ ᠬᠢᠯᠢ ᠶᠢᠨ ᠵᠢᠵᠢᠭ | ᠪᠠᠯᠭᠠᠰᠤ ᠶᠢ ᠬᠠᠯᠠᠮᠰᠢᠭᠤᠯᠪᠠ᠃ | ︽ᠲᠠ ᠲᠡᠷᠡ ᠲᠡᠷᠭᠡᠨ ᠤ ᠫᠠᠶᠢᠰᠠ ᠶᠢ ᠦᠵᠡ᠂ ᠶᠠᠭᠠᠬᠢᠭᠠᠳ ᠴᠠᠭᠠᠨ ᠳᠡᠪᠢᠰᠬᠡᠷᠲᠦ ᠬᠠᠷ᠎ᠠ ᠦᠰᠦᠭ ᠲᠠᠢ᠂ | 1234yEy ᠪᠣᠢ︖︾ ᠭᠡᠵᠦ᠂ ᠠᠩᠬ᠎ᠠ ᠮᠠᠨᠳᠤᠯ ᠪᠠᠯᠭᠠᠰᠤᠨ ᠳᠤ ᠬᠦᠷᠦᠭᠡᠳ᠂ ᠰᠤᠷᠪᠤᠯᠵᠢᠯᠠᠭᠴᠢ ᠬᠡᠲᠦ | ᠳᠡᠯᠭᠡᠭᠦᠷ ᠤᠨ ᠡᠭᠦᠳᠡᠨ ᠳᠤ ᠵᠣᠭᠰᠣᠭᠰᠠᠨ ᠨᠢᠭᠡ ᠲᠡᠷᠭᠡᠨ ᠳᠤ ᠰᠣᠨᠢᠷᠬᠠᠯ ᠲᠥᠷᠥᠪᠡ᠃ ︽ᠲᠡᠷᠡ ᠪᠣᠯ ᠮᠣᠩᠭᠤᠯ | ᠤᠯᠤᠰ ᠤᠨ ᠲᠡᠷᠭᠡᠨ ᠫᠠᠶᠢᠰᠠ᠂ ᠲᠡᠳᠡ ᠮᠠᠨ ᠤ ᠠᠳᠡ ᠢᠷᠡᠵᠦ ᠶᠠᠭᠤᠮ᠎ᠠ ᠬᠤᠳᠠᠯᠳᠤᠨ ᠠᠪᠴᠤ ᠪᠠᠶᠢᠨ᠎ᠠ︾ ᠭᠡᠵᠦ | ᠬᠡᠳᠦ ᠳᠡᠯᠭᠡᠭᠦᠷ ᠤᠨ ᠡᠵᠡᠨ ᠠᠴᠠ ᠨᠢᠭᠡ ᠲᠠᠯ᠎ᠠ ᠪᠠᠷ ᠲᠡᠳᠡᠨ ᠤ ᠬᠤᠳᠠᠯᠳᠤᠨ ᠠᠪᠤᠭᠰᠠᠨ ᠲᠠᠸᠠᠷ ᠢ ᠲᠡᠷᠭᠡᠨ ᠳᠡᠭᠡᠷ᠎ᠡ | ᠠᠴᠢᠶᠠᠯᠠᠵᠤ ᠨᠢᠭᠡ ᠲᠠᠯ᠎ᠠ ᠪᠠᠷ ᠬᠠᠷᠢᠭᠤᠯᠪᠠ᠃ | ᠰᠢᠶᠠᠨ ᠶᠸᠦ ᠮᠸᠢ ᠢᠳᠡᠰᠢᠨ ᠨᠣᠭᠤᠭ᠎ᠠ ᠵᠢᠮᠢᠰ ᠠᠮᠢᠳᠤᠷᠠᠯ ᠤᠨ ᠬᠡᠲᠦ ᠳᠡᠯᠭᠡᠭᠦᠷ ᠲᠤ ᠣᠷᠣᠬᠤ ᠳᠤ᠂ ᠨᠢᠳᠦ | ᠳᠦᠭᠦᠷᠡᠩ ᠲᠠᠸᠠᠷ ᠪᠠᠷᠠᠭᠠᠨ ᠤ ᠲᠠᠯᠪᠢᠭᠤᠷ ᠳᠦᠭᠦᠷᠲᠡᠯ᠎ᠡ ᠦᠷᠦᠭᠳᠡᠵᠦ᠂ ᠵᠢᠮᠢᠰ᠂ ᠢᠳᠡᠰᠢᠨ ᠨᠣᠭᠤᠭ᠎ᠠ᠂ | ᠰᠡᠯᠡᠭᠦᠴᠡᠯ ᠤᠨ ᠰᠤᠯᠠ ᠢᠳᠡᠭᠡᠨ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠠᠮᠤ ᠲᠣᠰᠣ ᠠᠮᠲᠠ | ᠣᠷᠣᠭᠤᠯᠤᠭᠴᠢ ᠵᠡᠷᠭᠡ ᠲᠠᠸᠠᠷ ᠢ ᠡᠮᠬᠢ ᠵᠢᠷᠤᠮ ᠲᠠᠢ ᠦᠷᠦᠵᠦ᠂ ᠪᠠᠰᠠ ᠵᠠᠷᠢᠮ ᠭᠠᠳᠠᠭᠠᠳᠤ ᠠᠴᠠ ᠣᠷᠣᠭᠤᠯᠤᠭᠰᠠᠨ | ᠲᠠᠸᠠᠷ ᠢ ᠳᠤᠮᠳᠠ ᠨᠢ ᠦᠷᠦᠵᠦ᠂ ᠬᠤᠳᠠᠯᠳᠤᠨ ᠠᠪᠬᠤ ᠪᠠᠷ ᠢᠷᠡᠭᠰᠡᠨ ᠬᠥᠮᠦᠰ ᠥᠪᠡᠷ ᠤᠨ ᠰᠡᠳᠬᠢᠯ ᠳᠤ | ᠨᠡᠶᠢᠴᠡᠭᠰᠡᠨ ᠲᠠᠸᠠᠷ ᠢᠶᠠᠨ ᠨᠠᠷᠢᠨ ᠨᠢᠮᠪᠠᠶ ᠰᠣᠩᠭᠤᠵᠤ ᠪᠠᠶᠢᠨ᠎ᠠ᠃ ︽ᠮᠢᠨᠤ ᠭᠡᠷ ᠱᠧᠨᠶᠠᠩ ᠳᠤ ᠪᠠᠶᠢᠨ᠎ᠠ᠂ ᠨᠢᠳᠤᠨᠤᠨ | ᠮᠠᠨᠳᠤᠯ ᠪᠠᠯᠭᠠᠰᠤᠨ ᠳᠤ ᠢᠷᠡᠵᠦ ᠠᠳᠡᠬᠢ ᠶᠢᠨ ᠠᠵᠤ ᠠᠬᠤᠶᠢᠯᠠᠯ ᠳᠤ ᠠᠵᠢᠯᠯᠠᠪᠠ᠂ ᠠᠵᠤ ᠠᠬᠤᠶᠢᠯᠠᠯ ᠳᠠᠬᠢ ᠬᠠᠮᠲᠤ | ᠠᠵᠢᠯᠲᠠᠳ ᠤᠨ ᠣᠯᠠᠩᠬᠢ ᠨᠢ ᠭᠠᠳᠠᠷ ᠣᠷᠣᠨ ᠠᠴᠠ ᠢᠷᠡᠪᠡ︾ ᠭᠡᠵᠦ ᠶᠠᠭ ᠲᠠᠸᠠᠷ ᠰᠣᠩᠭᠤᠵᠤ ᠪᠠᠶᠢᠭ᠎ᠠ ᠴᠢᠶᠤᠤ | ᠠᠪᠤᠭᠠᠢ ᠠᠴᠠ ᠬᠡᠯᠡᠪᠡ᠃ ︽ᠥᠩᠭᠡᠷᠡᠭᠰᠡᠨ ᠳᠤ ᠮᠠᠨᠳᠤᠯ ᠪᠠᠯᠭᠠᠰᠤᠨ ᠳᠤ ᠮᠠᠰᠢ ᠣᠯᠠᠨ ᠳᠣᠣᠷᠠᠳᠤ ᠳᠠᠪᠬᠤᠷᠭ᠎ᠠ ᠶᠢᠨ | ᠳᠡᠯᠭᠡᠭᠦᠷ ᠰᠤᠯᠠ ᠲᠠᠯᠪᠢᠭᠳᠠᠵᠤ ᠪᠠᠶᠢᠪᠠ᠂ ᠬᠢᠯᠢ ᠶᠢᠨ ᠪᠣᠭᠤᠮᠲᠠ ᠶᠢᠨ ᠬᠥᠭᠵᠢᠯᠲᠡ ᠶᠢ ᠳᠠᠭᠠᠯᠳᠤᠨ᠂ ᠮᠠᠨᠳᠤᠯ | ᠪᠠᠯᠭᠠᠰᠤᠨ ᠤ ᠠᠵᠤ ᠠᠬᠤᠶ ᠴᠤ ᠬᠥᠭᠵᠢᠪᠡ᠃ ᠪᠢᠳᠡ ᠨᠢᠳᠤᠨᠤᠨ ᠡᠨᠡ ᠬᠦ ᠳᠣᠣᠷᠠᠳᠤ ᠳᠠᠪᠬᠤᠷᠭ᠎ᠠ ᠶᠢᠨ ᠳᠡᠯᠭᠡᠭᠦᠷ ᠢ | ᠲᠦᠷᠢᠶᠡᠰᠦᠯᠡᠵᠦ ᠬᠡᠲᠦ ᠳᠡᠯᠭᠡᠭᠦᠷ ᠨᠡᠭᠡᠭᠡᠪᠡ᠃ ᠬᠡᠲᠦ ᠳᠡᠯᠭᠡᠭᠦᠷ ᠤᠨ ᠠᠷᠠᠯᠵᠢᠶ᠎ᠠ ᠨᠢ ᠡᠳᠦᠷ ᠪᠦᠷᠢ ᠨᠡᠯᠢᠶᠡᠳ ᠵᠦᠭᠡᠷ | ᠂ ᠲᠡᠭᠡᠬᠦ ᠮᠥᠷᠲᠡᠭᠡᠨ ᠮᠠᠰᠢ ᠣᠯᠠᠨ ᠮᠣᠩᠭᠤᠯ ᠤᠯᠤᠰ ᠤᠨ ᠬᠥᠮᠥᠰ ᠶᠠᠭᠤᠮ᠎ᠠ ᠬᠤᠳᠠᠯᠳᠤᠨ ᠠᠪᠬᠤ ᠪᠠᠷ ᠢᠷᠡᠳᠡᠭ᠂ | ᠮᠠᠨ ᠤ ᠲᠠᠸᠠᠷ ᠤᠨ ᠲᠥᠷᠥᠯ ᠵᠦᠢᠯ ᠴᠦ ᠲᠠᠰᠤᠷᠠᠯᠲᠠ ᠦᠭᠡᠢ ᠪᠠᠶᠠᠯᠢᠭᠵᠢᠵᠤ᠂ ᠬᠥᠮᠥᠨ ᠤ ᠬᠦᠷᠢᠶᠡᠯᠡᠯ ᠣᠯᠠᠰᠢᠷᠠᠵᠤ | ᠂ ᠪᠣᠷᠣᠯᠠᠭᠤᠯᠭ᠎ᠠ ᠶᠢᠨ ᠬᠡᠮᠵᠢᠶ᠎ᠡ ᠴᠤ ᠨᠡᠮᠡᠭᠳᠡᠪᠡ︾ ᠭᠡᠵᠦ ᠰᠢᠶᠠᠨ ᠶᠸᠦ ᠮᠸᠢ ᠢᠳᠡᠰᠢᠨ ᠨᠣᠭᠤᠭ᠎ᠠ ᠵᠢᠮᠢᠰ | ᠠᠮᠢᠳᠤᠷᠠᠯ ᠤᠨ ᠬᠡᠲᠦ ᠳᠡᠯᠭᠡᠭᠦᠷ ᠤᠨ ᠡᠵᠡᠨᠲᠡᠨ ᠯᠢᠦ ᠴᠢᠶᠠᠩ ᠠᠴᠠ ᠨᠢᠭᠡ ᠲᠠᠯ᠎ᠠ ᠪᠠᠷ ᠵᠣᠴᠢᠳ ᠲᠤ ᠳᠠᠩᠰᠠ | ᠪᠣᠳᠣᠵᠤ ᠨᠢᠭᠡ ᠲᠠᠯ᠎ᠠ ᠪᠠᠷ ᠰᠤᠷᠪᠤᠯᠵᠢᠯᠠᠭᠴᠢ ᠳᠤ ᠬᠡᠯᠡᠪᠡ᠃ | ᠬᠠᠪᠤᠷ ᠤᠨ ᠤᠯᠠᠷᠢᠯ ᠳᠤ ᠮᠥᠷᠡᠨ ᠤᠰᠤ ᠳᠤᠯᠠᠭᠠᠷᠠᠬᠤ ᠶᠢ ᠨᠤᠭᠤᠰᠤ ᠶᠢ ᠤᠷᠢᠳ ᠢᠶᠠᠷ ᠮᠡᠳᠡᠨ᠎ᠡ᠃ ᠡᠩ ᠤᠨ | ᠠᠷᠠᠳ ᠣᠯᠠᠨ ᠤ ᠨᠢᠭᠡ ᠭᠠᠵᠠᠷ ᠣᠷᠣᠨ ᠤ ᠲᠤᠬᠠᠢ ᠲᠥᠷᠥᠭᠳᠡᠯ ᠪᠣᠯ ᠬᠠᠮᠤᠭ ᠪᠤᠰᠤᠳᠴᠢ᠂ ᠪᠠᠰᠠ ᠬᠠᠮᠤᠭ ᠦᠨᠡᠨ | ᠶᠤᠮ᠃ ︽ᠮᠠᠨ ᠤ ᠡᠨᠡ ᠬᠦ ᠬᠤᠭᠤᠯᠠᠨ ᠭᠡᠷ 20 ᠭᠠᠷᠤᠢ ᠵᠢᠯ ᠨᠡᠭᠡᠭᠡᠵᠦ ᠪᠠᠶᠢᠨ᠎ᠠ᠂ ᠣᠶᠢᠷ᠎ᠠ ᠶᠢᠨ ᠬᠡᠳᠦᠨ ᠵᠢᠯ | ᠮᠠᠨᠳᠤᠯ ᠪᠠᠯᠭᠠᠰᠤᠨ ᠤ ᠠᠵᠤ ᠠᠬᠤᠢ ᠢᠯᠡᠳᠲᠡ ᠬᠥᠭᠵᠢᠪᠡ᠂ ᠮᠠᠰᠢ ᠣᠯᠠᠨ ᠲᠣᠮᠣ ᠲᠡᠷᠭᠡᠨ ᠤ ᠵᠢᠯᠣᠭᠤᠴᠢ᠂ | ᠵᠠᠮ ᠢᠶᠠᠷ ᠥᠩᠭᠡᠷᠡᠬᠦ ᠰᠤᠯᠠ ᠵᠣᠴᠢᠳ ᠪᠠ ᠮᠣᠩᠭᠤᠯ ᠤᠯᠤᠰ ᠠᠴᠠ ᠢᠷᠡᠭᠰᠡᠨ ᠵᠣᠴᠢᠳ ᠬᠤᠭᠤᠯᠠ ᠢᠳᠡᠬᠦ ᠢᠶᠠᠷ | ᠢᠷᠡᠵᠦ᠂ ᠬᠥᠮᠥᠨ ᠣᠯᠠᠰᠢᠷᠠᠪᠠ᠃ ᠪᠠᠰᠠ ᠡᠮᠦᠨᠡᠲᠦ ᠣᠷᠣᠨ ᠠᠴᠠ ᠢᠷᠡᠭᠰᠡᠨ ᠵᠣᠴᠢᠳ ᠰᠢᠶᠣᠣ ᠬᠤᠩ ᠱᠦ | ᠳᠡᠭᠡᠷ᠎ᠡ ᠠᠴᠠ ᠮᠠᠨ ᠤ ᠬᠤᠭᠤᠯᠠᠨ ᠭᠡᠷ ᠢ ᠣᠯᠵᠤ ᠮᠡᠳᠡᠭᠡᠳ ᠲᠤᠰᠬᠠᠶᠢᠯᠠᠨ ᠬᠤᠭᠤᠯᠠ ᠢᠳᠡᠬᠦ ᠪᠠᠷ ᠢᠷᠡᠵᠦ ᠪᠠᠶᠢᠨ᠎ᠠ᠃ | ᠪᠢᠳᠡ ᠴᠥᠮ ᠥᠪᠡᠷ ᠤᠨ ᠦᠬᠡᠷ ᠬᠤᠨᠢᠨ ᠤ ᠮᠢᠬ᠎ᠠ ᠪᠠᠷ ᠬᠢᠵᠦ ᠪᠠᠶᠢᠨ᠎ᠠ᠂ ᠶᠠᠰᠤ ᠴᠢᠨᠠᠷ ᠨᠢ ᠪᠠᠲᠤᠯᠠᠭ᠎ᠠ ᠲᠠᠢ᠂ | ᠵᠣᠴᠢᠳ ᠴᠦ ᠴᠥᠮ ᠢᠲᠡᠭᠡᠵᠦ ᠪᠠᠶᠢᠨ᠎ᠠ︾ ᠭᠡᠵᠦ ᠮᠠᠨᠳᠤᠯ ᠪᠠᠯᠭᠠᠰᠤᠨ ᠤ ᠰᠠᠨ ᠮᠣᠣ ᠬᠤᠭᠤᠯᠠᠨ ᠭᠡᠷ ᠤᠨ ᠡᠵᠡᠭᠲᠡᠢ | ᠳ᠋ᠦ᠋ ᡁᠢ ᠶᠢᠩ ᠠᠴᠠ ᠬᠡᠯᠡᠪᠡ᠃ | ᠮᠠᠨᠳᠤᠯ ᠪᠠᠯᠭᠠᠰᠤᠨ ᠤ ᠴᠢᠩ ᠰᠦᠩ ᠵᠣᠴᠢᠳ ᠤᠨ ᠪᠠᠭᠤᠳᠠᠯ ᠳᠤ᠂ ᠡᠵᠡᠭᠲᠡᠢ ᠨᠢ ᠶᠠᠭ ᠰᠠᠶᠢᠬᠠᠨ ᠴᠡᠪᠡᠷᠯᠡᠭᠡ | ᠬᠢᠵᠦ ᠪᠠᠶᠢᠪᠠ᠂ ᠤᠢᠢᠷ᠎ᠠ ᠶᠢᠨ ᠬᠡᠳᠦᠨ ᠵᠢᠯ ᠳᠠᠬᠢ ᠮᠠᠨᠳᠤᠯ ᠪᠠᠯᠭᠠᠰᠤᠨ ᠤ ᠬᠤᠪᠢᠷᠠᠯ ᠤᠨ ᠲᠤᠬᠠᠢ ᠡᠵᠡᠭᠲᠡᠢ ᠲᠢᠶᠠᠨ | ᠢᠦᠢ ᠮᠸᠢ᠄ ︽ᠮᠠᠨ ᠤ ᠡᠨᠡ ᠵᠣᠴᠢᠳ ᠤᠨ ᠪᠠᠭᠤᠳᠠᠯ ᠨᠡᠭᠡᠭᠡᠭᠳᠡᠭᠡᠳ ᠪᠠᠰᠠ ᠵᠢᠷᠭᠤᠭ᠎ᠠ ᠳᠣᠯᠣᠭᠠᠨ ᠵᠢᠯ ᠪᠣᠯᠪᠠ᠂ | ᠤᠢᠢᠷ᠎ᠠ ᠶᠢᠨ ᠬᠡᠳᠦᠨ ᠵᠢᠯ ᠳᠤ ᠠᠷᠠᠯᠵᠢᠶ᠎ᠠ ᠮᠠᠶᠢᠮᠠᠢ ᠰᠠᠶᠢᠨ ᠪᠣᠯᠵᠠᠢ᠂ ᠮᠠᠰᠢ ᠤᠯᠠᠨ ᠠᠵᠤ ᠠᠬᠤᠶᠢᠯᠠᠯ ᠤᠨ ᠬᠢᠨ᠂ | ᠭᠠᠳᠠᠨ᠎ᠠ ᠠᠴᠠ ᠢᠷᠡᠭᠰᠡᠨ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠢᠷᠡᠵᠦ ᠬᠤᠨᠣᠨ᠎ᠠ᠃ ᠪᠢᠳᠡ ᠪᠠᠰᠠ | ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠂ ᠮᠠᠨᠳᠤᠯ ᠪᠠᠯᠭᠠᠰᠤᠨ ᠤ | ᠬᠥᠭᠵᠢᠯᠲᠡ ᠤᠯᠠᠮ ᠠᠴᠠ ᠤᠯᠠᠮ ᠰᠠᠶᠢᠵᠢᠷᠠᠬᠤ ᠶᠢ ᠬᠦᠰᠡᠵᠦ ᠪᠠᠶᠢᠨ᠎ᠠ︾ ᠭᠡᠵᠦ ᠰᠡᠳᠬᠢᠯ ᠳᠣᠭᠳᠣᠯᠤᠨ ᠶᠠᠷᠢᠪᠠ᠃ | ᠡᠨᠡ ᠬᠡᠰᠡᠭ ᠬᠠᠯᠠᠭᠤᠨ ᠬᠥᠷᠥᠰᠥ ᠂ ᠮᠠᠰᠢ ᠣᠯᠠᠨ ᠬᠥᠮᠥᠰ ᠤᠨ ᠭᠦᠨ ᠵᠤᠵᠠᠭᠠᠨ ᠬᠦᠰᠡᠯ ᠡᠷᠡᠮᠡᠯᠵᠡᠯ ᠶᠢ | ᠠᠴᠢᠶᠠᠯᠠᠵᠤ᠂ ᠡᠨᠡ ᠬᠦ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠤᠭᠰᠠᠨ ᠬᠢᠯᠢ ᠶᠢᠨ ᠵᠢᠵᠢᠭ ᠪᠠᠯᠭᠠᠰᠤ ᠴᠤ ᠤᠯᠠᠮ | ᠣᠯᠠᠨ ᠬᠥᠮᠥᠰ ᠤᠨ ᠬᠦᠷᠢᠶᠡᠯᠡᠯ᠂ ᠬᠤᠳᠠᠯᠳᠤᠭᠠᠨ ᠤ ᠬᠥᠭᠵᠢᠯᠲᠡ᠂ ᠡᠳ᠋ ᠤᠨ ᠵᠠᠶᠠᠭ᠎ᠠ ᠶᠢ ᠲᠥᠪᠯᠡᠷᠡᠭᠦᠯᠦᠨ᠂ | ᠠᠭᠠᠵᠢᠮ ᠢᠶᠠᠷ ᠬᠥᠷ ᠬᠥᠭᠵᠢᠶᠡᠨ ᠲᠠᠢ ᠪᠣᠯᠵᠤ ᠪᠠᠶᠢᠨ᠎ᠠ᠃ | |