ᠰᠤᠷᠪᠤᠯᠵᠢᠯᠠᠭᠴᠢ 2 ᠰᠠᠷ᠎ᠠ ᠶᠢᠨ 10 ᠤ ᠡᠳᠦᠷ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠲᠣᠰᠣ ᠨᠡᠮᠡᠬᠦ | ᠥᠷᠲᠡᠭᠡ ᠳᠤ ᠤᠷᠤᠰᠢᠵᠦ ᠪᠠᠶᠢᠭ᠎ᠠ ᠲᠣᠰᠣ ᠨᠡᠮᠡᠬᠦ ᠮᠠᠰᠢᠨ ᠢᠶᠠᠷ ᠬᠡᠮ ᠬᠢᠭᠰᠡᠨ᠂ ᠲᠠᠩᠰᠠᠨ ᠠᠴᠠ ᠭᠠᠳᠠᠭᠤᠷ | ᠡᠵᠡᠩᠨᠡᠭᠰᠡᠨ᠂ ᠪᠣᠷᠣᠯᠠᠭᠤᠯᠭ᠎ᠠ ᠶᠢᠨ ᠣᠷᠣᠯᠭ᠎ᠠ ᠪᠠᠨ ᠨᠢᠭᠤᠨ ᠳᠠᠯᠳᠠᠯᠠᠭᠰᠠᠨ ᠵᠡᠷᠭᠡ ᠭᠠᠶᠢᠯᠢ ᠶᠢᠨ ᠵᠣᠭᠤᠰ ᠢ | ᠳᠠᠷᠤᠵᠤ ᠭᠠᠶᠢᠯᠢ ᠠᠴᠠ ᠵᠠᠶᠢᠯᠠᠭᠰᠠᠨ ᠬᠠᠤᠯᠢ ᠵᠥᠷᠢᠴᠡᠭᠰᠡᠨ ᠤᠶᠢᠯᠡ ᠠᠵᠢᠯᠯᠠᠭ᠎ᠠ ᠳᠤ ᠴᠢᠭᠯᠡᠭᠦᠯᠦᠨ᠂ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠶᠢᠳᠪᠦᠷᠢᠯᠡᠵᠦ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ 2024 ᠣᠨ ᠳᠤ᠂ ᠪᠥᠬᠦ ᠤᠯᠤᠰ ᠤᠨ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠶᠤᠯ ᠲᠦᠭᠰᠢᠭᠦᠷᠢ ᠶᠡᠬᠡᠲᠡᠶ 2722 ᠲᠣᠰᠣ ᠨᠡᠮᠡᠬᠦ ᠥᠷᠲᠡᠭᠡ ᠶᠢ | ᠪᠠᠶᠢᠴᠠᠭᠠᠨ ᠰᠶᠢᠳᠪᠦᠷᠢᠯᠡᠵᠦ᠂ ᠭᠠᠶᠢᠯᠢ ᠰᠦᠶᠳᠬᠡᠯ ᠤᠨ ᠵᠤᠭᠤᠰ ᠪᠠ ᠬᠤᠭᠤᠴᠠᠭ᠎ᠠ ᠰᠠᠭᠠᠲᠠᠭᠤᠯᠤᠭᠰᠠᠨ | ᠲᠣᠷᠭᠠᠭᠤᠯᠢ ᠶᠢᠨ ᠮᠥᠩᠭᠦ ᠶᠢ ᠪᠠᠶᠢᠴᠠᠭᠠᠨ ᠭᠠᠷᠭᠠᠵᠤ᠂ ᠨᠡᠶᠢᠲᠡ 57.89 ᠳ᠋ᠦᠩᠰᠢᠭᠤᠷ ᠲᠥᠭᠦᠷᠢᠭ ᠵᠣᠭᠤᠰ ᠢᠶᠠᠷ | ᠲᠣᠷᠭᠠᠵᠤ᠂ ᠠᠵᠢᠯ ᠲᠥᠷᠥᠯ ᠤᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠬᠦᠴᠦᠲᠡᠶ ᠠᠬᠢᠭᠤᠯᠪᠠ᠃ |