ᠳᠠᠷᠬᠠᠨ ᠰᠤᠮᠤ ᠮᠣᠩᠭᠤᠯ ᠠᠳᠤᠭᠤᠨ ᠤ ᠡᠬᠦᠯᠳᠡᠷ ᠬᠠᠮᠠᠭᠠᠯᠠᠬᠤ  ᠨᠦᠬᠦᠪᠦᠷᠢ ᠶᠢᠨ  ᠮᠦᠩᠬᠦ  ᠤᠯᠭᠤᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/2/10
      ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠪᠠ ᠦᠷᠡᠵᠢᠭᠦᠯᠦᠨ ᠪᠤᠶᠢᠵᠢᠭᠤᠯᠬᠤ ᠶᠢ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠣᠩᠭᠤᠯ ᠠᠳᠤᠭᠤᠨ ᠤ ᠡᠭᠦᠯᠳᠡᠷ ᠢ ᠲᠦᠪᠯᠡᠷᠡᠨ ᠲᠠᠷᠬᠠᠭᠰᠠᠨ ᠣᠷᠣᠨ ᠤ ᠡᠭᠦᠯᠳᠡᠷ ᠬᠠᠮᠠᠭᠠᠯᠠᠬᠤ ᠲᠠᠯᠠᠪᠠᠶ ᠪᠠ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠳᠤ ᠴᠢᠭᠯᠡᠭᠦᠯᠦᠨ ᠲᠤᠰᠬᠠᠶ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂  ᠲᠡᠵᠢᠭᠡᠨ ᠠᠷᠠᠴᠢᠯᠠᠭᠰᠠᠨ ᠰᠠᠭᠤᠷᠢ ᠡᠬᠡ ᠮᠠᠯ 50 ᠲᠣᠯᠣᠭᠠᠶ ᠠᠴᠠ ᠳᠡᠭᠡᠭᠰᠢᠬᠢ ᠭᠤᠤᠯ ᠴᠣᠭᠴᠠ ᠳᠤ  ᠮᠤᠷᠢ ᠪᠦᠷᠢ ᠳᠤ 1000 ᠲᠥᠭᠦᠷᠢᠭ ᠤᠨ ᠨᠥᠬᠦᠪᠥᠷᠢ ᠤᠯᠭᠤᠨ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠠᠵᠢᠯ ᠢ ᠳᠥᠯᠭᠢᠨ ᠠᠬᠢᠭᠤᠯᠵᠤ᠂ ᠣᠷᠣᠨ ᠨᠤᠲᠤᠭ ᠤᠨ ᠤᠨᠴᠠᠯᠢᠭᠳᠤ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ  ᠪᠤᠯᠤᠨ᠎ᠠ ᠃      ᠨᠦᠭᠦᠪᠦᠷᠢ ᠶᠢᠨ ᠪᠠᠯᠠ ᠮᠦᠩᠭᠦ ᠶᠢ ᠭᠤᠤᠯᠲᠠᠭᠤ ᠠᠵᠢᠷᠭ᠎ᠠ ᠪᠠ ᠰᠠᠭᠤᠷᠢ ᠡᠭᠡ ᠮᠠᠯ ᠢ ᠬᠤᠲᠠᠯᠲᠤᠨ ᠠᠪᠬᠤ ᠪᠤᠶᠤ ᠲᠡᠵᠢᠬᠡᠭᠦ ᠳᠤ ᠬᠡᠷᠡᠭᠯᠡᠨ᠎ᠡ︔ ᠪᠤᠷᠲᠤᠭ᠎ᠠ ᠬᠤᠲᠠᠯᠲᠤᠨ ᠠᠪᠬᠤ ᠂  ᠴᠠᠬᠢᠮ ᠢᠯᠲᠠᠰᠤ ᠬᠤᠲᠠᠯᠲᠤᠨ ᠠᠪᠬᠤ ᠪᠠ ᠡᠭᠦᠯᠲᠡᠷ ᠬᠠᠮᠠᠭᠠᠯᠠᠬᠤ ᠳᠤ ᠬᠤᠯᠪᠤᠭᠳᠠᠬᠤ ᠢᠵᠢ ᠪᠦᠷᠢᠯᠳᠦᠬᠦᠯᠬᠦ ᠰᠠᠭᠤᠷᠢ ᠲᠦᠭᠦᠬᠡᠷᠤᠮᠵᠢ ᠶᠢ ᠬᠤᠲᠠᠯᠲᠤᠨ ᠠᠪᠬᠤ ᠳᠤ ᠬᠡᠷᠡᠭᠯᠡᠨ᠎ᠡ᠃ ᠳᠠᠷᠬᠠᠨ ᠰᠤᠮᠤ ᠨᠢ ᠨᠢᠭᠡᠨᠲᠡ ᠤᠯᠠᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ ᠪᠠ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠳᠤ ᠳᠠᠩᠰᠠ ᠡᠪᠬᠡᠮᠡᠯ ᠪᠠᠶᠢᠭᠤᠯᠬᠤ ᠠᠵᠢᠯ ᠢ ᠪᠡᠶᠡᠯᠡᠭᠦᠯᠵᠦ᠂ ᠬᠡᠰᠡᠭ ᠠᠳᠤᠭᠤ ᠨᠢ ᠨᠢᠭᠡᠨᠲᠡ ᠬᠢᠨᠠᠨ ᠲᠣᠭᠲᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠪᠥᠭᠡᠳ ᠡᠯᠧᠺᠲᠷᠣᠨ ᠴᠢᠬᠢᠨ ᠲᠡᠮᠳᠡᠭ ᠵᠡᠭᠦᠪᠡ᠃ ᠣᠳᠣᠬᠠᠨ ᠳᠤ ᠨᠢᠭᠡᠨᠲᠡ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠶᠢᠨ ᠪᠦᠷᠢᠯᠳᠦᠬᠦᠨ ᠳᠤ ᠨᠥᠬᠦᠪᠥᠷᠢ ᠪᠡᠯᠡ ᠮᠥᠩᠭᠦ ᠲᠠᠷᠬᠠᠭᠠᠪᠠ᠃     ᠲᠣᠰ ᠤᠳᠠᠭᠠᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠳᠠᠷᠬᠠᠨ ᠰᠤᠮᠤ ᠶᠢᠨ  ᠮᠤᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠣᠯᠤᠨ᠎ᠠ᠃ ᠢᠷᠡᠭᠡᠳᠦᠶ ᠳᠤ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠮᠡᠷᠭᠡᠵᠢᠯ ᠤᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠠᠷᠠᠴᠢᠯᠠᠨ ᠲᠡᠵᠢᠭᠡᠬᠦ ᠬᠠᠮᠢᠶᠠᠷᠤᠯᠲᠠ ᠶᠢ ᠰᠢᠯᠢᠳᠡᠭᠵᠢᠭᠦᠯᠦᠨ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠪᠠ ᠦᠷᠡᠵᠢᠭᠦᠯᠦᠨ ᠪᠤᠶᠢᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠤᠨᠴᠠᠯᠢᠭᠳᠤ ᠮᠠᠯ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号