ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ︵ᠭᠤᠷᠪᠠᠳᠤᠭᠠᠷ ᠠᠵᠤ ᠦᠢᠯᠡᠰ︶ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/10
      2 ᠰᠠᠷ᠎ᠠ ᠶᠢᠨ 7 ᠤ ᠡᠳᠦᠷ᠂ ᠪᠥᠬᠦ ᠬᠤᠲᠠ ᠶᠢᠨ ︽ᠬᠤᠶᠠᠷ ᠢ ᠤᠷᠢᠵᠤ ᠬᠤᠶᠠᠷ ᠢ ᠲᠠᠳᠠᠵᠤ  ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ︵ᠭᠤᠷᠪᠠᠳᠤᠭᠠᠷ ᠠᠵᠤ ᠦᠢᠯᠡᠰ︶ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠳᠡᠭᠡᠷ᠎ᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠭᠤᠷᠪᠠᠳᠤᠭᠠᠷ ᠠᠵᠤ ᠦᠢᠯᠡᠰ ᠤᠨ ᠲᠤᠬᠠᠶ ᠲᠣᠰ ᠲᠣᠰ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃ ᠬᠤᠷᠠᠯ ᠠᠴᠠ 2025 ᠣᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠠᠵᠢᠯ ᠢ ᠰᠠᠶᠢᠲᠤᠷ ᠬᠢᠬᠦ ᠲᠤᠬᠠᠶ ᠳᠠᠬᠢᠨ ᠪᠠᠶᠢᠷᠢᠯᠠᠭᠤᠯᠤᠯᠲᠠ ᠬᠢᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠬᠥᠭᠵᠢᠨ ᠮᠠᠨᠳᠤᠬᠤ ᠠᠵᠤ ᠦᠢᠯᠡᠰ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ᠂ ᠪᠣᠬᠢᠷᠲᠤᠯ ᠦᠭᠡᠢ ᠠᠵᠤ ᠦᠢᠯᠡᠰ ᠪᠣᠯᠤᠨ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠨ᠎ᠠ᠃ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠦᠢᠯᠡᠰᠵᠢᠭᠰᠡᠨ ᠰᠡᠳᠬᠢᠬᠦᠢ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ᠂ ᠤᠯᠠᠨ ᠲᠦᠮᠡᠨᠴᠢᠯᠡᠭᠰᠡᠨ ᠰᠡᠳᠬᠢᠬᠦᠢ᠂ ᠡᠵᠡᠨ ᠬᠥᠮᠦᠨ ᠤ ᠤᠬᠠᠮᠰᠠᠷ ᠢ ᠪᠤᠢ ᠪᠣᠯᠭᠠᠵᠤ᠂ ᠨᠡᠩ ᠥᠷᠭᠡᠨ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠠᠴᠠ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠬᠡᠷᠡᠭᠲᠡᠢ᠃ ᠳᠠᠪᠠᠭᠤᠯᠢᠭ ᠲᠠᠭᠠᠨ ᠰᠠᠭᠤᠷᠢᠯᠠᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠤᠨᠴᠠᠯᠢᠬᠳᠤ ᠰᠣᠶᠣᠯ᠂ ᠡᠷᠡᠭᠦᠯᠵᠢᠯ ᠰᠤᠪᠢᠯᠠᠯᠲᠠ ᠠᠮᠠᠷᠠᠯᠲᠠ᠂ ᠬᠥᠳᠡᠭᠡ ᠲᠣᠰᠬᠤᠨ ᠤ ᠰᠡᠯᠡᠭᠦᠴᠡᠯ ᠵᠢᠴᠢ ᠮᠥᠰᠥ ᠴᠠᠰᠤᠨ ᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂  ᠲᠤᠤᠷ᠎ᠠ ᠠᠭᠠᠷ ᠤᠨ ᠠᠶᠠᠯᠠᠯ ᠵᠢᠭᠤᠯᠴᠢᠯᠠᠯ ᠵᠡᠷᠭᠡ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ᠂ ᠰᠢᠷᠠᠮᠥ᠋ᠷᠡᠨ ᠦᠵᠡᠮᠵᠢ ᠶᠢᠨ ᠣᠷᠣᠨ ᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠨᠠᠭᠠᠳᠤᠮ ᠤᠨ ᠬᠤᠷᠠᠯ᠂ ᠬᠦᠳᠡᠭᠡ ᠲᠣᠰᠬᠤᠨ ᠤ ᠬᠡᠲᠦ ᠲᠡᠰ ᠤᠨ ᠮᠤᠷᠢᠨ ᠤᠷᠤᠯᠳᠤᠭᠠᠨ᠂ ᠲᠠᠯ᠎ᠠ ᠨᠤᠲᠤᠭ ᠤᠨ ᠸᠢᠶᠧᠨᠠ ᠶᠢᠨ ᠲᠦᠷᠦᠯ ᠲᠡᠮᠳᠡᠭ ᠢ ᠡᠭᠦᠳᠬᠦ ᠠᠵᠢᠯ ᠢ ᠰᠠᠶᠢᠲᠤᠷ ᠬᠢᠵᠦ᠂ ᠤᠯᠠᠨ ᠡᠰᠢᠲᠦ ᠦᠢᠯᠡᠳᠬᠦᠨ ᠪᠣᠯᠤᠨ ᠵᠠᠮ ᠱᠤᠭᠤᠮ ᠢ ᠭᠠᠷᠭᠠᠵᠤ᠂ ᠨᠡᠩ ᠥᠨᠳᠥᠷ ᠲᠦᠪᠰᠢᠨ ᠪᠦᠬᠦᠢ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠵᠤ᠂ ᠪᠠᠶᠢᠷᠢᠰᠢᠯ ᠨᠢ ᠵᠦᠢ ᠵᠣᠬᠢᠰᠲᠠᠢ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠤᠯᠠᠨ ᠡᠰᠢᠴᠢᠯᠡᠭᠰᠡᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠪᠠᠷᠢᠮᠲᠠᠯᠠᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠴᠢᠩᠭᠠᠳᠬᠠᠵᠤ᠂ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠲᠠᠪᠴᠠᠩ ᠤᠨ ᠠᠴᠢᠶᠠᠯᠠᠪᠤᠷᠢ ᠪᠣᠯᠭᠠᠵᠤ᠂ ᠲᠡᠷᠢᠭᠦᠨ ᠤ ᠲᠤᠰᠬᠠᠶᠢᠵᠢᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠱᠠᠯᠠᠪᠳᠠᠨ ᠣᠷᠣᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠦᠨᠡᠨ ᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠵᠢᠭᠤᠯᠴᠢᠯᠠᠯ ᠤᠨ ᠠᠵᠢᠯ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠦ᠂  ᠲᠡᠭᠡᠳᠦ ᠵᠡᠷᠭᠡᠯᠡᠯ ᠤᠨ ᠵᠢᠷᠤᠭ ᠲᠥᠯᠥᠪᠯᠡᠭᠡ ᠶᠢ ᠰᠠᠶᠢᠲᠤᠷ ᠠᠳᠬᠤᠵᠤ᠂ ᠰᠢᠰᠲ᠋ᠧᠮ ᠲᠠᠢ ᠲᠥᠯᠥᠪᠵᠢᠭᠦᠯᠦᠨ ᠬᠡᠷᠡᠭᠵᠢᠭᠦᠯᠵᠦ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠯᠡᠬᠦ ᠴᠡᠭ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠲᠦᠷᠭᠡᠨ ᠪᠠᠶᠢᠭᠤᠯᠵᠤ᠂  ᠲᠠᠷᠬᠠᠨ ᠮᠤᠤᠮᠢᠩᠭᠠᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃2025 ᠣᠨ ᠳᠤ᠂ ᠳ᠋ᠠ ᠮᠤᠤ ᠶᠢᠨ ᠲᠡᠭ ᠨᠡᠭᠦᠷᠡᠰᠦᠲᠥ᠋ᠷᠥᠭᠴᠢᠳᠤ ᠬᠦᠷᠢᠶᠡᠯᠡᠩ ᠲᠣᠭᠤᠷᠢᠭ ᠤᠨ ᠵᠣᠭᠰᠣᠴᠠ ᠶᠢᠨ ᠪᠦᠬᠦ ᠲᠠᠯ᠎ᠠ ᠶᠢ ᠲᠣᠭᠲᠠᠭᠠᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠶᠢ ᠡᠷᠬᠢᠮᠯᠡᠬᠦ᠂ ᠪᠣᠳᠠᠲᠠᠢ ᠶᠢ ᠡᠷᠬᠢᠮᠯᠡᠬᠦ ᠣᠪᠣᠷ ᠢᠶᠠᠷ ︽ᠲᠠᠶᠢᠯᠪᠦᠷᠢᠯᠠᠬᠤ ᠰᠡᠳᠬᠢᠬᠦᠢ︾ ᠲᠠᠢ ᠪᠠᠶᠢᠬᠤ ᠶᠢ ᠴᠢᠨᠠᠭᠰᠢᠳᠠ ᠴᠢᠩᠭᠠᠳᠬᠠᠵᠤ᠂ 9 ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠪᠣᠯᠤᠨ 9 ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠢ ᠪᠦᠷᠢᠯᠳᠦᠭᠦᠯᠪᠡ︔ ᠪᠠᠶᠢᠳᠠᠯ ᠢ ᠠᠮᠵᠢᠨ ᠤᠷᠤᠭᠰᠢᠯᠠᠨ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠵᠤ᠂ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠢᠯᠡᠳᠬᠦ᠂ ᠹᠯᠣᠷ ᠤᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠡᠮᠦᠷᠯᠢᠭ ᠪᠣᠯᠪᠠᠰᠤᠷᠠᠭᠤᠯᠬᠤ ᠵᠢᠴᠢ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠰᠢᠯᠢᠳᠡᠭᠵᠢᠭᠦᠯᠦᠨ ᠬᠦᠴᠦᠷᠬᠡᠭᠵᠢᠭᠦᠯᠪᠡ︔ ︽ᠭᠤᠷᠪᠠ ᠶᠢ ᠡᠷᠢᠵᠦ ᠪᠠᠶᠢᠬᠤ︾ ᠪᠠᠷ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ᠂ ᠪᠠᠶᠢᠭᠤᠯᠵᠤ ᠪᠠᠶᠢᠭ᠎ᠠ ᠲᠦᠷᠦᠯ ᠵᠦᠢᠯ᠂ ᠭᠠᠷ ᠭᠦᠢᠴᠡᠳᠬᠡᠯ ᠬᠢᠬᠦ᠂ ᠴᠢᠳᠠᠪᠤᠷᠢᠲᠠᠨ ᠡᠯᠰᠡᠬᠦ᠂ ᠮᠡᠷᠭᠡᠵᠢᠯ ᠤᠨ ᠪᠣᠯᠪᠠᠰᠤᠷᠠᠯ ᠬᠢᠬᠦ ᠵᠡᠷᠭᠡ ᠲᠠᠯ᠎ᠠ ᠪᠠᠷ ᠨᠢᠭᠡ ᠦᠷᠳᠡᠭᠡᠯᠢᠭ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号