ᠴᠠᠭᠠᠨ ᠰᠠᠷ᠎ᠠ ᠳᠤ ᠦᠨᠳᠦᠰᠦᠨ ᠱᠠᠲᠤᠨ ᠳᠤ ᠭᠦᠨᠵᠡᠭᠡᠶᠢᠷᠡᠬᠦ — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠄ ᠮᠥᠩᠭᠦᠨ ᠭᠦᠢᠯᠭᠡᠭᠡᠨ ᠤ ︽ᠠᠮᠢᠳᠤ ᠤᠰᠤ︾ ᠨᠢ ︽ᠳᠤᠯᠠᠭᠠᠴᠠ︾ ᠲᠠᠢ ᠪᠠᠶᠢᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠲᠠᠶᠢᠯᠵᠤ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ
ᠨᠡᠶᠢᠲᠡᠯᠡᠭᠰᠡᠨ ᠴᠠᠭ᠄
2025/2/10
      ᠮᠥᠩᠭᠦᠨ ᠭᠦᠢᠯᠭᠡᠭᠡ ᠠᠮᠢᠳᠤ ᠪᠣᠯ᠂ ᠠᠵᠤ ᠠᠬᠤᠢ ᠠᠮᠢᠳᠤ ︔ ᠮᠥᠩᠭᠦᠨ ᠭᠦᠢᠯᠭᠡᠭᠡ ᠲᠣᠭᠲᠠᠭᠤᠨ ᠪᠣᠯ᠂ ᠠᠵᠤ ᠠᠬᠤᠢ ᠲᠣᠭᠲᠠᠭᠤᠨ᠃ ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ ᠮᠥᠩᠭᠦᠨ ᠭᠦᠢᠯᠭᠡᠭᠡᠨ ᠤ ᠲᠣᠭᠲᠠᠭᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢ  ᠲᠠᠢ ᠲᠡᠶᠢᠰᠢ ᠬᠥᠭᠵᠢᠬᠦ ᠶᠢ ᠲᠠᠰᠤᠷᠠᠯᠲᠠ ᠥᠬᠡᠶ ᠲᠦᠯᠬᠢᠨ ᠠᠬᠢᠭᠤᠯᠵᠤ᠂ ᠠᠯᠢ ᠣᠯᠠᠨ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠳᠤ ᠬᠦᠴᠦᠷᠬᠡᠭ ᠶᠡᠭᠡ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠪᠠ᠃      ᠥᠪᠥᠷ ᠮᠣᠩᠭᠤᠯ ᠤᠨ ᠼᠧ ᠴᠧᠩ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠲᠣᠯᠣᠭᠠᠢ ᠳᠠᠬᠢ ᠵᠡᠰ ᠨᠢᠺᠧᠯ ᠠᠭᠤᠷᠬᠠᠢ ᠶᠢᠨ 45 ᠲᠦᠮᠡᠨ ᠲᠣᠨ / ᠵᠢᠯ ᠮᠠᠯᠲᠠᠵᠤ ᠰᠣᠩᠭᠤᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠪᠡᠯ᠂ ᠨᠢᠳᠦᠨ ᠡᠮᠦᠨ᠎ᠡ ᠬᠦᠷ ᠬᠥᠭᠵᠢᠶᠡᠨ ᠲᠠᠢ ᠪᠠᠶᠢᠳᠠᠯ ᠬᠠᠷᠠᠭᠳᠠᠵᠤ᠂ ᠡᠯ᠎ᠡ ᠲᠦᠷᠦᠯ ᠤᠨ ᠮᠠᠰᠢᠨ ᠮᠧᠬᠠᠨᠢᠭ ᠰᠦᠯᠵᠢᠯᠳᠦᠨ ᠳᠦᠩᠭᠢᠨᠡᠵᠦ᠂ ᠢᠨᠵᠧᠨᠧᠷᠢᠩ ᠤᠨ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠪᠠᠷᠢᠯᠭ᠎ᠠ ᠶᠢᠨ ᠠᠵᠢᠯᠴᠢᠨ ᠶᠠᠭᠠᠷᠠᠯᠲᠠᠢ ᠠᠵᠢᠯᠯᠠᠵᠤ ᠪᠠᠶᠢᠯ᠎ᠠ᠃      ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠲᠣᠯᠣᠭᠠᠢ ᠳᠠᠬᠢ ᠵᠡᠰ ᠨᠢᠺᠧᠯ ᠠᠭᠤᠷᠬᠠᠢ ᠶᠢᠨ 45 ᠲᠦᠮᠡᠨ ᠲᠣᠨ / ᠵᠢᠯ ᠤᠨ ᠮᠠᠯᠲᠠᠵᠤ ᠰᠣᠩᠭᠤᠬᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 7.04 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 45 ᠲᠦᠮᠡᠨ ᠲᠣᠨ ᠬᠡᠪᠴᠢᠶ᠎ᠡ ᠪᠦᠬᠦᠢ ᠳᠤᠮᠳᠠ ᠬᠡᠯᠪᠡᠷᠢ ᠶᠢᠨ ᠠᠭᠤᠷᠬᠠᠶ ᠶᠢ ᠪᠠᠶᠢᠭᠤᠯᠬᠤ ᠪᠠᠷ ᠪᠣᠶ᠃ ᠠᠭᠤᠷᠬᠠᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠨᠢ 3 ᠵᠢᠯ᠂ 2024 ᠣᠨ ᠤ 7 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠵᠦ᠂ 2027 ᠣᠨ ᠤ 6 ᠳ᠋ᠤᠭᠠᠷ ᠰᠠᠷ᠎ᠠ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠢ᠃ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠴᠠ ᠪᠣᠯᠵᠤ᠂ ᠠᠵᠤ ᠠᠬᠤᠶᠢᠯᠠᠯ ᠨᠢ ᠨᠡᠯᠢᠶᠡᠳ ᠶᠡᠭᠡ ᠦᠢᠯᠡᠳᠪᠦᠷᠢᠯᠡᠯ ᠤᠨ ᠪᠡᠯᠡ ᠮᠥᠩᠭᠦ ᠶᠢᠨ ᠳᠠᠷᠤᠯᠲᠠ ᠳᠤ ᠲᠤᠯᠭᠠᠷᠠᠵᠤ᠂ ᠠᠵᠤ ᠠᠬᠤᠶᠢᠯᠠᠯ ᠶᠠᠭ ᠠᠷᠭ᠎ᠠ ᠮᠤᠬᠤᠷᠳᠠᠵᠤ ᠪᠠᠶᠢᠬᠤ ᠦᠶ᠎ᠡ ᠳᠤ᠂ ᠮᠥᠩᠭᠦᠨ ᠭᠦᠢᠯᠭᠡᠭᠡᠨ ᠤ ᠵᠢᠭᠡᠯᠡᠯᠭᠡ ᠨᠢ ᠶᠠᠭ ᠨᠢᠭᠡ ᠤᠳᠠᠭᠠᠨ ᠤ ︽ᠴᠠᠭ ᠤᠨ ᠪᠣᠷᠣᠭᠠᠨ︾ ᠮᠡᠲᠦ ᠠᠵᠤ ᠠᠬᠤᠶᠢᠯᠠᠯ ᠤᠨ ᠪᠠᠴᠢᠮ ᠪᠠᠶᠢᠳᠠᠯ ᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃      ᠮᠥᠩᠭᠦᠨ ᠭᠦᠢᠯᠭᠡᠭᠡᠨ ᠤ ︽ᠴᠠᠭ ᠤᠨ ᠪᠤᠷᠤᠭᠠᠨ︾ ᠨᠢ ᠠᠵᠤ ᠠᠬᠤᠶᠢᠯᠠᠯ ᠤᠨ ᠬᠥᠭᠵᠢᠯᠲᠡ ᠶᠢᠨ ︽ᠰᠢᠨ᠎ᠡ ᠬᠥᠳᠡᠯᠭᠡᠬᠦ ᠬᠦᠴᠦᠨ︾ ᠢ ᠪᠤᠢ ᠪᠣᠯᠭᠠᠪᠠ᠃ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠬᠤ ᠶᠢ ᠬᠠᠷᠠᠭᠠᠳ᠂ ᠥᠪᠥᠷ ᠮᠣᠩᠭᠤᠯ ᠤᠨ ᠼᠧ ᠴᠧᠩ ᠠᠭᠤᠷᠬᠠᠶ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠱᠣᠤ ᠵᠧᠨ ᠷᠦᠢ ᠰᠤᠷᠪᠤᠯᠵᠢᠯᠠᠭᠴᠢ ᠳᠤ᠄ ︽ᠼᠧ ᠴᠧᠩ ᠺᠣᠮᠫᠠᠨᠢ ᠨᠢ 2021 ᠣᠨ ᠤ 11 ᠳ᠋ᠦ᠋ᠭᠡᠷ ᠰᠠᠷ᠎ᠠ ᠶᠢᠨ 6 ᠤ ᠡᠳᠦᠷ ᠠᠴᠠ ᠠᠭᠤᠷᠬᠠᠶ ᠮᠠᠯᠲᠠᠬᠤ ᠦᠨᠡᠮᠯᠡᠯ ᠣᠯᠤᠭᠰᠠᠨ ᠠᠴᠠ ᠨᠠᠭᠠᠰᠢ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠬᠤ ᠶᠢᠨ ᠬᠠᠮᠲᠤ ᠰᠠᠨᠠᠮᠵᠢ ᠲᠠᠢ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠭᠦᠨᠵᠡᠭᠡᠶ ᠨᠡᠪᠲᠡᠷᠡᠯᠴᠡᠵᠦ᠂ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠤᠬᠠᠢ ᠶᠡᠭᠡ ᠬᠡᠮᠵᠢᠶᠡᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠬᠢᠭᠰᠡᠨ ᠪᠠᠶᠢᠨ᠎ᠠ᠃ ᠤᠷᠢᠳ ᠬᠤᠵᠢᠳ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠲᠥᠷᠥᠯ ᠵᠦᠢᠯ ᠤᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠤᠬᠠᠶ ᠨᠡᠪᠲᠡᠷᠡᠯᠴᠡᠵᠦ᠂ ᠰᠢᠯᠢᠳᠡᠭ ᠢ ᠨᠢ ᠰᠢᠯᠢᠨ ᠰᠣᠩᠭᠤᠬᠤ ᠪᠠᠷ ᠳᠡᠮᠵᠢᠨ᠂ ᠡᠴᠦᠰ ᠲᠤ ᠪᠠᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠪᠤᠭᠤᠲᠤ ᠳᠠᠬᠢ ᠬᠤᠪᠢᠶᠠᠷᠢ ᠪᠠᠩᠬᠢ ᠶᠢ ᠰᠣᠩᠭᠤᠵᠤ ᠼᠧ ᠴᠧᠩ ᠺᠣᠮᠫᠠᠨᠢ ᠶᠢᠨ ᠲᠥᠷᠥᠯ ᠵᠦᠢᠯ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠪᠠ᠃ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠪᠤᠭᠤᠲᠤ ᠳᠠᠬᠢ ᠬᠤᠪᠢᠶᠠᠷᠢ ᠪᠠᠩᠬᠢ ᠠᠴᠠ ᠼᠧ ᠴᠧᠩ ᠺᠣᠮᠫᠠᠨᠢ ᠳᠤ 4.03 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠬᠠᠩᠭᠠᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠦᠢᠯᠡᠳᠪᠦᠷᠢᠯᠡᠯ ᠳᠤ ᠣᠷᠣᠬᠤ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠪᠠ᠃ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢᠨ ᠪᠡᠯᠡᠨ ᠪᠣᠯᠬᠤ ᠪᠠᠶᠢᠳᠠᠯ ᠨᠢ ᠼᠧ ᠴᠧᠩ ᠺᠣᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠳᠦᠰᠦᠯᠡᠨ ᠲᠣᠭᠲᠠᠭᠰᠠᠨ ᠬᠤᠭᠤᠴᠠᠭᠠᠨ ᠳᠤ ᠪᠠᠨ ᠵᠡᠭᠡᠯᠢ ᠲᠠᠯᠪᠢᠨ᠎ᠠ ᠃ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠩᠬᠠᠳᠠᠭᠴᠢ 1000 ᠲᠦᠮᠡᠨ ᠲᠥᠭᠦᠷᠢᠭ ᠤᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠳᠡᠮᠵᠢᠯᠭᠡ ᠣᠯᠵᠤ᠂ ᠺᠣᠮᠫᠠᠨᠢ ᠶᠢᠨ ᠲᠥᠷᠥᠯ ᠵᠦᠢᠯ ᠤᠨ ᠰᠠᠭᠤᠷᠢ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦᠨ ᠤ ᠪᠠᠲᠤᠯᠠᠭ᠎ᠠ ᠬᠠᠩᠭᠠᠪᠠ᠃ ᠪᠦᠬᠦ᠋ᠢᠯᠡ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢᠨ ᠶᠠᠪᠤᠴᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠢᠳᠡᠨ ᠳᠤ ᠬᠠᠪᠰᠤᠷᠤᠯᠭ᠎ᠠ ᠦᠵᠡᠭᠦᠯᠵᠦ᠂ ᠪᠤᠭᠤᠲᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠠᠨᠢᠯᠴᠠᠭᠤᠯᠵᠤ ᠪᠢᠳᠡᠨ ᠲᠠᠢ ᠵᠣᠯᠭᠠᠭᠤᠯᠤᠨ ᠵᠥᠪᠳᠡᠯᠴᠡᠭᠦᠯᠦᠭᠰᠡᠨ ᠪᠥᠭᠡᠳ ᠪᠢᠳᠡᠨ ᠢ ᠤᠷᠢᠵᠤ ᠴᠢᠬᠤᠯᠠ ᠶᠡᠭᠡ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠰᠣᠯᠢᠯᠴᠠᠭᠠᠨ ᠤ ᠬᠤᠷᠠᠯ ᠳᠤ ᠣᠷᠣᠯᠴᠠᠭᠤᠯᠵᠤ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠳᠤ ᠰᠠᠶᠢᠨ ᠰᠠᠭᠤᠷᠢ ᠬᠠᠩᠭᠠᠭᠰᠠᠨ ᠪᠠᠶᠢᠨ᠎ᠠ︾ ᠭᠡᠵᠦ ᠬᠡᠯᠡᠪᠡ᠃      ︽ᠰᠤᠳᠠᠯ ᠪᠠᠷᠢᠵᠤ ᠵᠣᠷ ᠪᠢᠴᠢᠬᠦ︾ ᠪᠠᠷ ᠠᠵᠤ ᠠᠬᠤᠶᠢᠯᠠᠯ ᠤᠨ ᠬᠦᠴᠢᠷᠳᠡᠯ ᠢ ᠲᠠᠶᠢᠯᠵᠤ᠂ ︽ᠡᠪᠡᠳᠴᠢᠨ  ᠳᠤ ᠨᠢ ᠲᠠᠭᠠᠷᠠᠭᠤᠯᠤᠨ ᠡᠮ ᠥᠭᠬᠦ︾ ᠪᠠᠷ ᠬᠥᠭᠵᠢᠯᠲᠡ ᠶᠢ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠳᠠᠯᠳᠤᠭᠠᠯᠠᠨ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠩ ᠲᠦᠭᠡᠮᠡᠯ ᠬᠠᠷᠠᠭᠠᠯᠵᠠᠯ᠂ ᠨᠡᠩ ᠨᠠᠶᠢᠳᠠᠪᠤᠷᠢᠲᠠᠢ᠂ ᠨᠡᠩ ᠤᠯᠠᠨ ᠡᠰᠢᠲᠦ ᠪᠡᠯᠡ ᠲᠣᠬᠢᠷᠠᠭᠤᠯᠬᠤ ᠠᠷᠭ᠎ᠠ ᠵᠠᠮ  ᠢᠶᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠭᠰᠠᠨ ᠪᠠᠶᠢᠨ᠎ᠠ᠃ ᠳᠠᠷᠬᠠᠨ ᠮᠤᠤᠮᠢᠩᠭᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠥᠷᠭᠡᠨ᠄ ︽ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠂ ᠪᠠᠰᠠ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠳᠡᠯᠭᠡᠭᠦᠷ ᠬᠦᠴᠦᠨ ᠮᠥᠨ᠃ 2024 ᠣᠨ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ︿ᠡᠳ᠋ ᠤᠨ ᠵᠠᠰᠠᠭ + ᠮᠥᠩᠭᠦᠨ ᠭᠦᠢᠯᠭᠡᠭᠡ﹀ ᠶᠢᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠬᠠᠷᠢᠯᠴᠠᠨ ᠬᠥᠳᠡᠯᠦᠯᠴᠡᠬᠦ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠴᠢᠷᠮᠠᠶᠢᠨ ᠪᠠᠶᠢᠭᠤᠯᠵᠤ᠂ ︿ᠬᠤᠶᠠᠷ ᠶᠡᠭᠡ ᠶᠠᠪᠤᠳᠠᠯ﹀ ᠢ ᠰᠠᠶᠢᠲᠤᠷ ᠡᠷᠬᠢᠯᠡᠬᠦ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠪᠣᠬᠢᠷᠲᠤᠯ ᠦᠭᠡᠢ ᠲᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ᠂ ᠠᠷᠠᠯᠵᠢᠶᠠᠨ ᠤ ᠬᠢᠯᠢ ᠶᠢᠨ ᠪᠣᠭᠤᠮᠲᠠ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠶᠢᠨ ᠪᠣᠭᠤᠮᠲᠠ ᠶᠢᠨ ᠠᠵᠤ ᠠᠬᠤᠢ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠬᠦᠷᠢᠶᠡᠨ ᠳᠠᠬᠢ ᠳᠡᠮᠵᠢᠯᠭᠡ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠦᠷᠳᠡᠭᠡᠮᠵᠢᠳᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡᠨ ᠤ ︿ᠲᠠᠪᠤᠨ ᠬᠠᠭᠤᠳᠠᠰᠤ ᠲᠣᠮᠣ ᠵᠣᠬᠢᠶᠠᠯ﹀ ᠢ ᠰᠠᠶᠢᠲᠤᠷ ᠬᠢᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠯ᠎ᠡ ᠬᠦᠷᠢᠶᠡᠨ ᠤ ᠪᠡᠯᠡ ᠲᠣᠬᠢᠷᠠᠭᠤᠯᠬᠤ ᠳᠤ ᠬᠦᠴᠢᠷ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠨᠠᠮᠳᠠᠭᠤᠯᠪᠠ᠃  ᠳᠠᠷᠠᠭᠠᠴᠢ ᠶᠢᠨ ᠠᠯᠬᠤᠮ ᠳᠤ᠂ ᠪᠢᠳᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠭᠠᠶᠢᠯᠢ  ᠶᠢᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠰᠠᠯᠠᠭ᠎ᠠ ᠮᠥᠴᠢᠷ  ᠯᠤᠭ᠎ᠠ ᠬᠠᠮᠵᠢᠯᠴᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠩᠬᠢ ᠶᠢᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠡᠯ᠎ᠡ ᠬᠦᠷᠢᠶᠡᠨ ᠳᠤ ᠴᠢᠨᠠᠷ ᠰᠠᠶᠢᠲᠠᠶ ᠲᠦᠭᠡᠮᠡᠯ ᠬᠠᠷᠠᠭᠠᠯᠵᠠᠯ  ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠲᠤᠷ ᠬᠢᠯᠭᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号