ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠷᠭᠡᠨ ᠠᠭᠤᠳᠠᠮ ᠬᠢᠯᠢ ᠬᠢᠵᠠᠭᠠᠷ ᠣᠷᠣᠨ ᠳᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠭᠰᠠᠨ ᠬᠢᠯᠢ ᠬᠢᠵᠠᠭᠠᠷ ᠤᠨ ᠮᠠᠯᠴᠢᠳ ᠲᠤ ᠴᠠᠬᠢᠯᠭᠠᠨ | ᠨᠡᠪᠲᠡᠷᠡᠭᠦᠯᠬᠦ ᠲᠦᠷᠦᠯ ᠵᠦᠢᠯ ᠤᠨ ᠬᠡᠷᠡᠭᠵᠢᠭᠦᠯᠦᠯᠲᠡ ᠨᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠬᠡᠯᠪᠡᠷᠢ ᠶᠢ ᠰᠡᠮᠡᠭᠡᠷ ᠥᠭᠡᠷᠡᠴᠢᠯᠡᠵᠦ ᠪᠠᠶᠢᠨ᠎ᠠ᠃ 2024 ᠣᠨ ᠤ 8 ᠳ᠋ᠤᠭᠠᠷ ᠰᠠᠷ᠎ᠠ ᠳᠤ᠂ ᠴᠠᠬᠢᠯᠭᠠᠨ ᠬᠦᠴᠦᠨ ᠢ | ᠵᠠᠯᠭᠠᠵᠤ ᠣᠷᠣᠭᠤᠯᠬᠤ ᠶᠢ ᠳᠠᠭᠠᠯᠳᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ | ᠣᠷᠣᠨ ᠤ 16 ᠡᠷᠦᠬᠡ ᠮᠠᠯᠴᠢᠳ ᠵᠣᠯ ᠵᠢᠷᠭᠠᠯᠲᠤ ᠰᠢᠨ᠎ᠡ ᠠᠮᠢᠳᠤᠷᠠᠯ ᠢᠶᠠᠨ ᠡᠬᠢᠯᠡᠭᠦᠯᠦᠭᠰᠡᠨ ᠪᠠᠶᠢᠨ᠎ᠠ᠃ ᠡᠳᠦᠭᠡ | ᠬᠡᠳᠦᠨ ᠰᠠᠷ᠎ᠠ ᠠᠯᠤᠰᠯᠠᠭᠠᠳ ᠶᠠᠭ ᠴᠠᠭᠠᠨ ᠰᠠᠷ᠎ᠠ ᠶᠢᠨ ᠪᠠᠶᠠᠷ ᠪᠣᠯᠵᠣ ᠪᠠᠶᠢᠨ᠎ᠠ᠂ ᠰᠤᠷᠪᠤᠯᠵᠢᠯᠠᠭᠴᠢ ᠬᠡᠰᠡᠭ | ᠮᠠᠯᠴᠢᠳ ᠤᠨ ᠬᠡᠷ ᠲᠤ ᠬᠦᠷᠴᠦ᠂ ᠲᠡᠳᠡᠨ ᠤ ᠣᠯᠤᠯᠲᠠ ᠪᠠ ᠪᠠᠶᠠᠷ ᠪᠠᠶᠠᠰᠤᠯ ᠢ ᠬᠤᠪᠢᠶᠠᠯᠴᠠᠨ ᠡᠳ᠋ᠯᠡᠪᠡ᠃ | ᠬᠠᠬᠢᠷ ᠡᠪᠦᠯ ᠤᠨ ᠤᠯᠠᠷᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠠᠨᠬᠤᠸᠠ | ᠪᠠᠯᠭᠠᠰᠤᠨ ᠤ ᠪᠠᠶᠠᠨᠴᠠᠭᠠᠨ ᠭᠠᠴᠠᠭᠠᠨ ᠤ ᠮᠠᠯᠴᠢᠨ ᠨᠠᠰᠤᠨᠵᠢᠷᠭᠠᠯ ᠤᠨ ᠭᠡᠷ ᠨᠢ ᠮᠠᠰᠢ ᠳᠤᠯᠠᠭᠠᠬᠠᠨ ᠪᠠᠶᠢᠯ᠎ᠠ᠃ ᠲᠡᠭᠦᠨ | ᠤ ᠡᠬᠡᠨᠡᠷ ᠨᠢ ᠶᠠᠭ ᠡᠯ᠎ᠡ ᠵᠦᠢᠯ ᠤᠨ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠬᠡᠷᠡᠭᠯᠡᠨ ᠣᠳᠣ ᠦᠶ᠎ᠡ ᠶᠢᠨ | ᠠᠮᠢᠳᠤᠷᠠᠯ ᠤᠨ ᠲᠥᠭᠦᠮ ᠢ ᠡᠳ᠋ᠯᠡᠵᠦ ᠪᠠᠶᠢᠯ᠎ᠠ᠃ ᠲᠡᠷᠡ᠄ ︽ᠴᠠᠬᠢᠯᠭᠠᠨ ᠨᠡᠪᠲᠡᠷᠡᠭᠰᠡᠨ ᠲᠠᠪᠤᠨ ᠰᠠᠷ᠎ᠠ ᠶᠢᠨ ᠳᠠᠷᠠᠭ᠎ᠠ᠂ | ᠮᠠᠨ ᠤ ᠠᠮᠢᠳᠤᠷᠠᠯ ᠪᠠ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠴᠥᠮ ᠬᠤᠪᠢᠷᠠᠵᠠᠶ᠃ ᠡᠪᠦᠯ ᠤᠨ ᠳᠤᠯᠠᠭᠠᠯᠭ᠎ᠠ ᠪᠠ | ᠮᠧᠬᠠᠨᠢᠭ ᠤᠨ ᠠᠵᠢᠯᠯᠠᠭᠠᠨ ᠤ ᠠᠰᠠᠭᠤᠳᠠᠯ ᠤᠨ ᠲᠥᠯᠥᠭᠡ ᠳᠠᠬᠢᠵᠤ ᠰᠠᠨᠠᠭ᠎ᠠ ᠵᠣᠪᠠᠭ᠋ᠤ ᠬᠡᠷᠡᠭ ᠦᠭᠡᠢ ᠪᠣᠯᠪᠠ᠃ | ᠬᠡᠦᠬᠡᠳ ᠴᠢᠯᠥᠭᠡ ᠲᠠᠯᠪᠢᠵᠤ ᠭᠡᠷ ᠲᠤ ᠪᠠᠨ ᠬᠠᠷᠢᠵᠤ ᠢᠷᠡᠬᠦ ᠳᠤ ᠰᠦᠯᠵᠢᠶ᠎ᠡ ᠲᠠᠢ ᠪᠣᠯᠣᠭᠰᠠᠨ ᠪᠠᠶᠢᠨ᠎ᠠ᠃ ᠤᠤᠯ ᠨᠢ | ᠪᠢᠳᠡ ᠵᠢᠯ ᠪᠦᠷᠢ ᠳᠥᠷᠪᠡ ᠲᠠᠪᠤᠨ ᠲᠣᠨ ᠨᠡᠭᠦᠷᠡᠰᠦ ᠬᠤᠳᠠᠯᠳᠤᠨ ᠠᠪᠴᠤ ᠲᠤᠯᠠᠭᠠᠯᠠᠨ᠎ᠠ᠂ ᠡᠨᠡ ᠵᠢᠯ ᠴᠠᠬᠢᠯᠭᠠᠨ | ᠨᠡᠪᠲᠡᠷᠡᠭᠦᠯᠦᠭᠰᠡᠨ ᠤ ᠳᠠᠷᠠᠭ᠎ᠠ ᠵᠥᠪᠬᠡᠨ ᠨᠢᠭᠡ ᠲᠣᠨ ᠨᠡᠭᠦᠷᠡᠰᠦ ᠬᠤᠳᠠᠯᠳᠤᠨ ᠠᠪᠤᠪᠠ᠂ ᠤᠳᠤ ᠴᠦ ᠬᠠᠭᠠᠰ ᠨᠢ | ᠦᠯᠡᠳᠡᠵᠦ ᠪᠠᠶᠢᠨ᠎ᠠ᠂ ᠢᠩᠭᠢᠭᠡᠳ ᠨᠢᠭᠡ ᠵᠢᠯ ᠳᠤ ᠪᠠᠰᠠ ᠪᠠᠭ᠎ᠠ ᠪᠤᠰᠤ ᠵᠣᠭᠤᠰ ᠠᠷᠪᠢᠯᠠᠵᠤ ᠳᠡᠶᠢᠯᠦᠨ᠎ᠡ︾ ᠭᠡᠵᠦ | ᠰᠡᠳᠬᠢᠯ ᠳᠣᠭᠳᠣᠯᠤᠨ ᠬᠡᠯᠡᠪᠡ᠃ | ᠡᠭᠦᠨ ᠢᠶᠠᠷ ᠪᠠᠷᠠᠬᠤ ᠥᠬᠡᠶ᠂ ᠨᠠᠰᠤᠨᠵᠢᠷᠭᠠᠯ ᠪᠠᠰᠠ ᠣᠶᠤᠨᠴᠢᠯᠠᠭᠰᠠᠨ ᠬᠢᠨᠠᠨ ᠡᠵᠡᠮᠳᠡᠬᠦ ᠲᠥᠬᠦᠭᠡᠷᠦᠮᠵᠢ | ᠤᠭᠰᠠᠷᠠᠵᠤ᠂ ᠭᠠᠷ ᠤᠲᠠᠰᠤᠨ ᠳᠡᠭᠡᠷ᠎ᠡ ᠪᠠᠨ ᠮᠠᠯ ᠤᠨᠤᠭᠠᠨ ᠤ ᠪᠠᠨ ᠬᠠᠷᠢᠭᠤᠯᠠᠵᠤ ᠲᠡᠵᠢᠭᠡᠵᠦ ᠪᠠᠶᠢᠭ᠎ᠠ ᠪᠠᠶᠢᠳᠠᠯ ᠢ | ᠴᠠᠭ ᠢᠮᠠᠭᠲᠠ ᠪᠠᠶᠢᠴᠠᠭᠠᠨ ᠦᠵᠡᠵᠦ ᠪᠣᠯᠬᠤ ᠪᠣᠯᠪᠠ᠃ ᠲᠡᠷᠡ ᠪᠠᠰᠠ ᠣᠳᠣᠬᠢᠴᠢᠯᠠᠭᠰᠠᠨ ᠴᠠᠬᠢᠯᠭᠠᠨ ᠬᠦᠴᠦᠨ ᠤ | ᠪᠡᠯᠡᠳᠬᠡᠮᠵᠢ ᠪᠠ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠮᠠᠯ ᠠᠵᠤ ᠠᠬᠤᠶ ᠪᠠᠨ ᠤᠯᠠᠮ ᠨᠢᠭᠡ ᠠᠯᠬᠤᠮ | ᠬᠥᠭᠵᠢᠭᠦᠯᠵᠦ᠂ ᠦᠬᠡᠷ ᠬᠤᠨᠢᠨ ᠮᠢᠬᠠᠨ ᠤ ᠠᠵᠤ ᠠᠬᠤᠶ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ ᠪᠠᠷ | ᠲᠥᠯᠥᠪᠯᠡᠵᠦ ᠪᠠᠶᠢᠨ᠎ᠠ᠃ ᠢᠷᠡᠭᠡᠳᠦᠢ ᠶᠢᠨ ᠲᠤᠬᠠᠢ᠂ ᠲᠡᠷᠡ᠄ ︽ᠪᠢᠳᠡ ᠦᠷᠭᠦᠯᠵᠢᠯᠡᠨ ᠴᠢᠷᠮᠠᠶᠢᠵᠤ᠂ ᠠᠵᠢᠯᠴᠢ | ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠡᠩ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠨ᠎ᠠ᠃ ᠡᠨᠡ ᠴᠠᠭᠠᠨ | ᠰᠠᠷ᠎ᠠ ᠳᠤ ᠪᠢᠳᠡ ᠭᠡᠭᠡᠨ ᠰᠠᠷᠠᠭᠤᠯ᠂ ᠬᠠᠯᠭᠤᠨ ᠳᠤᠯᠠᠭᠠᠨ ᠵᠣᠯ ᠵᠢᠷᠭᠠᠯᠲᠤ ᠵᠢᠯ ᠢ ᠥᠩᠭᠡᠷᠡᠭᠦᠯᠪᠡ︕︾ ᠭᠡᠵᠦ | ᠢᠲᠡᠭᠡᠯ ᠲᠦᠭᠦᠷᠡᠩ ᠪᠠᠶᠢᠯ᠎ᠠ᠃ | ᠬᠢᠯᠢ ᠶᠢᠨ ᠮᠠᠯᠴᠢᠳ ᠲᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠨᠢ ᠠᠷᠠᠳ ᠤᠨ ᠠᠮᠢᠳᠤᠷᠠᠯ ᠤᠨ | ᠢᠨᠵᠧᠨᠧᠷᠢᠩ ᠪᠣᠯᠬᠤ ᠪᠠᠷ ᠪᠠᠷᠠᠬᠤ ᠦᠭᠡᠶ᠂ ᠴᠠᠬᠢᠯᠭᠠᠨ ᠬᠦᠴᠦᠨ ᠢ ᠵᠠᠯᠭᠠᠨ ᠣᠷᠣᠭᠤᠯᠤᠭᠰᠠᠨ ᠨᠢ ᠪᠠᠰᠠ ᠬᠢᠯᠢ ᠶᠢᠨ | ᠮᠠᠯᠴᠢᠳ ᠤᠨ ᠭᠠᠳᠠᠨᠠᠬᠢ ᠶᠢᠷᠲᠢᠨᠴᠦ ᠯᠤᠭ᠎ᠠ ᠶᠢᠨ ᠬᠠᠷᠢᠯᠴᠠᠭ᠎ᠠ ᠶᠢ ᠨᠡᠩ ᠨᠢᠭᠲᠠᠷᠠᠭᠤᠯᠵᠤ᠂ ᠢᠨᠲ᠋ᠧᠷ ᠰᠦᠯᠵᠢᠶ᠎ᠡ ᠪᠠᠷ | ᠳᠠᠮᠵᠢᠭᠤᠯᠤᠨ ᠤᠯᠤᠰ ᠤᠨ ᠶᠡᠭᠡ ᠶᠠᠪᠤᠳᠠᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠡᠩ ᠰᠠᠶᠢᠲᠤᠷ | ᠣᠶᠢᠯᠠᠭᠠᠵᠤ ᠪᠣᠯᠣᠨ᠎ᠠ᠃ ᠪᠠᠶᠠᠨᠬᠤᠸᠠ ᠪᠠᠯᠭᠠᠰᠤᠨ ᠤ ᠵᠢᠪᠬᠤᠯᠠᠩᠲᠤ ᠭᠠᠴᠠᠭᠠᠨ ᠳᠤ᠂ ᠮᠠᠯᠴᠢᠨ ᠰᠡᠷᠭᠦᠯᠡᠩ ᠪᠠᠰᠠ | ᠴᠠᠬᠢᠯᠭᠠᠨ ᠨᠡᠪᠲᠡᠷᠡᠭᠰᠡᠨ ᠤ ᠳᠠᠷᠠᠭᠠᠬᠢ ᠠᠮᠢᠳᠤᠷᠠᠯ ᠢᠶᠠᠨ ᠮᠠᠭᠲᠠᠨ ᠰᠠᠶᠢᠰᠢᠶᠠᠪᠠ᠃ ᠲᠡᠷᠡ᠄ ︽ᠴᠠᠬᠢᠯᠭᠠᠨ | ᠨᠡᠪᠲᠡᠷᠡᠭᠰᠡᠨ ᠤ ᠳᠠᠷᠠᠭ᠎ᠠ ᠮᠠᠨ ᠤ ᠠᠮᠢᠳᠤᠷᠠᠯ ᠤᠨ ᠲᠥᠪᠰᠢᠨ ᠶᠡᠭᠡ ᠪᠠᠷ ᠳᠡᠭᠡᠭᠰᠢᠯᠡᠪᠡ᠃ ᠪᠢᠳᠡ ᠴᠠᠬᠢᠯᠭᠠᠨ | ᠭᠡᠷᠡᠯᠲᠦᠭᠦᠯᠭᠡ᠂ ᠬᠤᠭᠤᠯᠠ ᠬᠢᠬᠦ᠂ ᠳᠤᠯᠠᠭᠠᠯᠠᠬᠤ ᠳᠤ ᠲᠥᠬᠦᠮ ᠦᠵᠡᠭᠦᠯᠵᠦ᠂ ᠪᠠᠰᠠ ᠭᠠᠷ ᠤᠲᠠᠰᠤ ᠪᠠᠷ | ᠳᠠᠮᠵᠢᠭᠤᠯᠤᠨ ᠭᠠᠳᠠᠨᠠᠬᠢ ᠶᠢᠷᠲᠢᠨᠴᠦ ᠶᠢ ᠣᠶᠢᠯᠠᠭᠠᠵᠤ ᠪᠣᠯᠤᠨ᠎ᠠ᠃ ᠡᠳᠡᠭᠡᠷ ᠢ ᠴᠥᠮ ᠨᠠᠮ ᠪᠠ ᠵᠠᠰᠠᠭ ᠤᠨ | ᠣᠷᠳᠣᠨ ᠤ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ᠂ ᠪᠢᠳᠡᠨ ᠢ ᠵᠣᠯ ᠵᠢᠷᠭᠠᠯ ᠲᠠᠢ ᠠᠮᠢᠳᠤᠷᠠᠭᠤᠯᠤᠭᠰᠠᠨ | ᠶᠤᠮ︾ ᠭᠡᠵᠦ ᠬᠡᠯᠡᠪᠡ᠃ | ᠴᠠᠬᠢᠯᠭᠠᠨ ᠨᠡᠪᠲᠡᠷᠡᠭᠰᠡᠨ ᠤ ᠳᠠᠷᠠᠭ᠎ᠠ᠂ ᠰᠡᠷᠭᠦᠯᠡᠩ ᠬᠠᠰᠢᠶ᠎ᠠ ᠰᠠᠷᠠᠪᠴᠢ ᠪᠠᠨ ᠰᠡᠯᠪᠢᠨ ᠵᠠᠰᠠᠵᠤ᠂ ᠡᠪᠦᠯ ᠤᠨ | ᠬᠤᠷᠠᠭ᠎ᠠ ᠢᠰᠢᠭᠡ ᠶᠢᠨ ᠪᠡᠯᠡᠳᠭᠡᠯ ᠠᠵᠢᠯ ᠢ ᠭᠦᠢᠴᠡᠳ ᠬᠢᠪᠡ᠃ ᠲᠡᠷᠡ ᠰᠤᠷᠪᠤᠯᠵᠢᠯᠠᠭᠴᠢ ᠳᠤ᠄ ︽ᠣᠲᠣ ᠨᠢᠭᠡᠨᠲᠡ | 100 ᠭᠠᠷᠤᠶ ᠬᠤᠷᠠᠭ᠎ᠠ ᠲᠤᠰᠴᠤ᠂ ᠡᠨᠡ ᠵᠢᠯ 600 ᠭᠠᠷᠤᠶ ᠬᠤᠷᠠᠭ᠎ᠠ᠂ ᠬᠡᠳᠦᠨ ᠠᠷᠪᠠᠨ ᠲᠤᠭᠤᠯ ᠢᠶᠠᠨ | ᠪᠠᠲᠤᠯᠠᠨ᠎ᠠ ᠭᠡᠵᠦ ᠵᠢᠱᠢᠵᠦ ᠪᠣᠢ᠃ ᠨᠢᠳᠤᠨᠤᠨ ᠬᠤᠷ᠎ᠠ ᠪᠣᠷᠣᠭᠠᠨ ᠴᠤ ᠵᠦᠭᠡᠷ᠂ ᠡᠨᠡ ᠵᠢᠯ ᠴᠤ ᠡᠯᠪᠡᠭ ᠬᠤᠷᠢᠶᠠᠯᠲᠠ | ᠲᠠᠢ ᠵᠢᠯ ᠪᠣᠯᠬᠤ ᠪᠣᠢ︾ ᠭᠡᠵᠦ ᠬᠡᠯᠡᠪᠡ᠃ | ᠰᠢᠨ᠎ᠡ ᠴᠠᠭ ᠦᠶ᠎ᠡ ᠶᠢᠨ ᠮᠠᠯᠴᠢᠨ ᠪᠣᠯᠤᠭᠰᠠᠨ ᠤ ᠬᠤᠪᠢ ᠳᠤ᠂ ᠲᠡᠳᠡᠨ ᠤ ᠰᠡᠳᠬᠢᠯ ᠳᠤ ᠳᠦᠭᠦᠷᠡᠩ ᠪᠠᠶᠠᠷ | ᠪᠠᠭ᠋ᠠᠳᠤᠯ ᠪᠠ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠪᠢᠯᠬᠠᠵᠤ ᠪᠠᠶᠢᠯ᠎ᠠ᠃ ᠴᠠᠬᠢᠯᠭᠠᠨ ᠨᠡᠪᠲᠡᠷᠡᠭᠦᠯᠬᠦ ᠲᠥᠷᠥᠯ | ᠵᠦᠢᠯ ᠵᠡᠷᠭᠡ ᠠᠯᠢ ᠣᠯᠠᠨ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠨᠢ ᠲᠡᠳᠡᠨ ᠤ | ᠠᠮᠢᠳᠤᠷᠠᠯ ᠢ ᠴᠣ᠋ ᠰᠢᠨ᠎ᠡ ᠪᠣᠯᠭᠠᠪᠠ᠃ ᠡᠭᠦᠨ ᠤ ᠬᠠᠮᠲᠤ ᠲᠡᠳᠡ ᠪᠠᠰᠠ ᠠᠵᠢᠯᠴᠢ ᠬᠥᠳᠡᠯᠮᠦᠷᠢᠴᠢ ᠬᠤᠶᠠᠷ | ᠭᠠᠷ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠵᠢᠷᠤᠭ ᠲᠥᠰᠦᠪ ᠢ ᠴᠢᠷᠮᠠᠶᠢᠨ ᠵᠢᠷᠤᠭᠯᠠᠵᠤ᠂ ᠠᠶᠢᠯ ᠪᠣᠯᠭᠠᠨ | ᠴᠥᠮ ᠵᠣᠯ ᠵᠢᠷᠭᠠᠯᠲᠤ ᠠᠮᠢᠳᠤᠷᠠᠯ ᠢ ᠡᠳ᠋ᠯᠡᠭᠰᠡᠨ ᠪᠠᠶᠢᠨ᠎ᠠ᠃ ᠡᠳᠡᠭᠡᠷ ᠢᠨᠢᠶᠡᠮᠰᠦᠭᠯᠡᠯᠲᠦ ᠴᠢᠷᠠᠢ ᠶᠢᠨ ᠠᠷᠤ ᠳᠤ᠂ | ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠪᠣᠢ᠃ | ᠥᠨᠥᠳᠦᠷ ᠤᠨ ᠮᠠᠯᠵᠢᠬᠤ ᠣᠷᠣᠨ ᠨᠢ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠰᠠᠷᠠᠭᠤᠯ ᠳᠠᠷᠳᠠᠩ ᠵᠠᠮ ᠳᠡᠭᠡᠷ᠎ᠡ ᠬᠢᠵᠠᠭᠠᠯᠠᠰᠢ ᠦᠭᠡᠢ ᠥᠷᠨᠢᠯ ᠪᠠ ᠠᠮᠢᠵᠢᠷᠠᠯ ᠤᠨ ᠬᠦᠴᠦᠨ ᠢ ᠢᠯᠡᠷᠡᠭᠦᠯᠵᠦ᠂ | ᠮᠠᠯᠴᠢᠳ ᠤᠨ ᠠᠮᠢᠳᠤᠷᠠᠯ ᠴᠦ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠤᠯᠠᠮ ᠠᠴᠠ ᠤᠯᠠᠮ ᠪᠠᠳᠠᠷᠠᠭᠤᠨ ᠪᠣᠯᠵᠤ | ᠪᠠᠶᠢᠨ᠎ᠠ᠃ |