ᠠᠵᠢᠯ ᠢᠶᠠᠨ ᠡᠬᠢᠯᠡᠭᠦᠯᠥᠮᠡᠭᠴᠡ ᠰᠢᠪᠲᠤᠯᠤᠯᠲᠠ ᠬᠢᠵᠦ ᠪᠣᠳᠠᠲᠠᠢ ᠠᠵᠢᠯᠯᠠᠨ ᠰᠢᠨ᠎ᠡ ᠪᠠᠶᠢᠳᠠᠯ ᠢ ᠡᠭᠦᠳᠶ᠎ᠡ  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠳᠠᠲᠠᠢ ᠠᠵᠢᠯᠯᠠᠨ ᠠᠵᠤ ᠦᠢᠯᠡᠳᠪᠦᠷᠢ ᠶᠢᠨ ᠠᠵᠤ ᠠᠬᠤᠢ ︽ᠰᠠᠶᠢᠨ ᠡᠬᠢᠯᠡᠯᠲᠡ︾  ᠶᠢ ᠴᠢᠷᠮᠠᠶᠢᠨ ᠡᠭ᠊
ᠨᠡᠶᠢᠲᠡᠯᠡᠭᠰᠡᠨ ᠴᠠᠭ᠄
2025/2/10
      ᠴᠠᠭᠠᠨ ᠰᠠᠷ᠎ᠠ ᠶᠢᠨ ᠠᠭᠤᠷ ᠠᠮᠢᠰᠬᠤᠯ ᠠᠷᠢᠯᠤᠭ᠎ᠠ ᠦᠭᠡᠢ ᠪᠠᠶᠢᠬᠤ ᠳᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ  ᠳᠠᠭᠤᠨ ᠨᠢᠭᠡᠨᠲᠡ ᠬᠠᠩᠭᠢᠨᠠᠲᠠᠯ᠎ᠠ ᠴᠤᠤᠷᠢᠶᠠᠲᠤᠪᠠ᠃ 2 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠥᠷᠯᠥᠭᠡ ᠦᠳᠡᠰᠢ ᠶᠢ ᠲᠡᠮᠡᠴᠡᠵᠦ᠂ ᠴᠠᠭ ᠪᠢᠳᠡᠨ ᠢ ᠬᠦᠯᠢᠶᠡᠬᠦ ᠦᠭᠡᠢ ᠵᠣᠷᠢᠭ ᠰᠠᠨᠠᠭ᠎ᠠ ᠪᠠᠷ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ︵ᠬᠤᠶᠠᠳᠤᠭᠠᠷ ᠠᠵᠤ ᠦᠢᠯᠡᠰ︶ ᠬᠤᠷᠠᠯᠳᠤᠭᠤᠯᠵᠤ᠂ ᠲᠡᠷᠡ ᠳᠠᠷᠤᠶ ᠳᠤᠨᠢ ᠪᠥᠬᠦ ᠬᠤᠲᠠ ᠶᠢᠨ ︽ᠬᠤᠶᠠᠷ ᠢ ᠤᠷᠢᠵᠤ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ  ᠳᠣᠭᠤᠰᠢᠯᠠᠭᠤᠯᠤᠨ ᠨᠠᠶᠢᠳᠠᠪᠤᠷᠢᠵᠢᠭᠤᠯᠪᠠ᠃ ᠬᠤᠷᠠᠯ ᠠᠴᠠ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ᠢᠯᠡ ᠲᠣᠳᠣ ᠴᠢᠮᠡᠭᠡ ᠳᠣᠬᠢᠶ᠎ᠠ ᠥᠭᠪᠡ᠄ ᠦᠵᠡᠯ ᠰᠠᠨᠠᠭ᠎ᠠ ᠪᠠᠨ ᠨᠢᠭᠡᠳᠬᠡᠵᠦ᠂ ᠦᠳᠲᠡᠷ ᠲᠦᠷᠭᠡᠨ ᠬᠥᠳᠡᠯᠦᠯᠴᠡᠵᠦ᠂ ︽ᠡᠬᠢᠯᠡᠯᠲᠡ ᠪᠣᠯ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠰᠢᠪᠲᠤᠯᠤᠯᠲᠠ ᠮᠥᠨ ︾ ᠭᠡᠬᠦ ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠨᠢᠭᠡ ᠵᠢᠯ ᠤᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠵᠠᠮ ᠳᠤ ᠡᠮᠦᠨ᠎ᠡ ᠨᠢ ᠶᠠᠪᠤᠵᠤ᠂ ᠵᠣᠷᠢᠭᠲᠠᠶ ᠪᠠᠷ ᠲᠦᠷᠦᠭᠦᠯᠡᠬᠦ ᠪᠠᠷ ᠴᠢᠷᠮᠠᠶᠢᠬᠤ ᠬᠡᠷᠡᠭᠲᠡᠶ᠃    ᠬᠤᠷᠠᠯ ᠤᠨ ᠲᠠᠷᠠᠭ᠎ᠠ᠂ ᠰᠤᠷᠪᠤᠯᠵᠢᠯᠠᠭᠴᠢ ᠬᠡᠰᠡᠭ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠰᠤᠷᠪᠤᠯᠵᠢᠯᠠᠵᠤ᠂ ᠬᠠᠮᠲᠤ ᠪᠠᠷ ᠲᠡᠳᠡᠨ ᠤ ᠰᠡᠳᠬᠢᠯ ᠤᠨ ᠦᠭᠡ ᠶᠢ ᠰᠣᠨᠤᠰᠤᠶ᠎ᠠ᠃    ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠡᠩᠭᠡᠯ    ᠵᠢᠯ ᠤᠨ ᠠᠩᠬᠠᠨ ᠤ ᠬᠤᠷᠠᠯ ᠨᠢ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠳᠤ ᠥᠨᠳᠥᠰᠥᠯᠡᠯ ᠲᠣᠭᠲᠠᠭᠠᠨ ᠥᠭᠴᠦ᠂ ᠴᠢᠭᠯᠡᠯ ᠢ ᠵᠢᠭᠠᠵᠤ ᠥᠭᠪᠡ᠃ ᠲᠠᠷᠠᠭᠠᠴᠢ ᠶᠢᠨ ᠠᠯᠬᠤᠮ ᠳᠤ᠂ ᠪᠢᠳᠡ ᠪᠥᠬᠦ ᠬᠤᠰᠢᠭᠤᠨ ᠤ ᠠᠷᠠᠯᠵᠢᠶᠠᠴᠢᠨ ᠤᠷᠢᠬᠤ ᠠᠵᠢᠯ ᠤᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠬᠤ ᠨᠡᠶᠢᠭᠡᠮᠴᠢᠯᠡᠭᠰᠡᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ ᠶᠢ ᠬᠥᠴᠥᠷᠭᠡᠭᠵᠢᠭᠦᠯᠬᠦ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠣᠲᠣ ᠶᠢᠨ ᠪᠠᠶᠢᠭ᠎ᠠ ᠬᠥᠲᠥᠴᠢ ᠠᠵᠤ ᠠᠬᠤᠶᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠳᠡᠭᠡᠳᠦ ᠳᠣᠤᠷᠠᠳᠤ ᠤᠷᠤᠰᠬᠠᠯ᠂ ᠵᠡᠭᠦᠨ ᠪᠠᠷᠠᠭᠤᠨ ᠲᠠᠯ᠎ᠠ ᠶᠢᠨ ᠬᠢᠨ ᠲᠠᠢ ᠵᠣᠯᠭᠠᠭᠤᠯᠬᠤ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠶᠢ ᠠᠬᠢᠭᠤᠯᠤᠨ᠎ᠠ᠃     ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠮᠠ ᡁᠢ ᠵᠦᠩ     2025 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠨᠡᠭᠦᠷᠡᠰᠥᠳᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠬᠦ ᠲᠠᠯ᠎ᠠ ᠶᠢᠨ ᠵᠣᠭᠰᠣᠴᠠ ᠠᠴᠠ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠪᠣᠳᠠᠲᠠᠢ ᠶᠢ ᠡᠷᠬᠢᠮᠯᠡᠬᠦ ᠣᠪᠣᠷ ᠢᠶᠠᠷ ︽ᠰᠢᠢᠳᠪᠥᠷᠢᠯᠡᠭᠳᠡᠭᠦᠢ ᠰᠡᠳᠬᠢᠬᠦᠢ︾ ᠲᠠᠢ ᠪᠠᠶᠢᠬᠤ ᠶᠢ ᠴᠢᠨᠠᠭᠰᠢᠳᠠ ᠴᠢᠩᠭᠠᠳᠬᠠᠵᠤ᠂ 9 ᠭᠤᠣᠯᠳᠠᠯᠭ᠎ᠠ ᠲᠠᠢ ᠠᠵᠤ ᠦᠢᠯᠡᠰ ᠤᠨ ᠲᠦᠷᠦᠯ ᠵᠦᠢᠯ ᠪᠣᠯᠤᠨ 9 ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠦᠢᠯ ᠢ ᠪᠥᠷᠢᠯᠳᠥᠭᠦᠯᠥᠨ᠎ᠡ︔ ᠪᠠᠶᠢᠳᠠᠯ ᠢ ᠠᠮᠵᠢᠨ ᠤᠷᠤᠭᠰᠢᠯᠠᠨ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠵᠤ᠂ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠢᠯᠡᠳᠬᠦ᠂ ᠹᠯᠣᠷ ᠤᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠡᠮᠦᠷᠯᠢᠭ ᠪᠣᠯᠪᠠᠰᠤᠷᠠᠭᠤᠯᠬᠤ ᠵᠢᠴᠢ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠰᠢᠯᠢᠳᠡᠭᠵᠢᠭᠦᠯᠦᠨ ᠳᠡᠭᠦᠯᠳᠡᠷᠵᠢᠭᠦᠯᠥᠨ᠎ᠡ︔ ᠰᠠᠯᠬᠢ ᠭᠡᠷᠡᠯ ᠢᠶᠠᠷ ᠤᠰᠤᠲᠥ᠋ᠷᠥᠭᠴᠢ ᠶᠢ ᠦᠢᠯᠡᠳᠴᠥ᠂ ᠤᠰᠤᠲᠥ᠋ᠷᠥᠭᠴᠢ ᠬᠠᠳᠠᠭᠠᠯᠠᠵᠤ ᠤᠰᠤᠲᠥ᠋ᠷᠥᠭᠴᠢ ᠬᠡᠷᠡᠭᠯᠡᠬᠦ ᠵᠢᠴᠢ ᠪᠣᠬᠢᠷᠳᠤᠯ ᠦᠭᠡᠢ ᠰᠢᠪᠲᠦᠷᠲᠦ ᠮᠧᠲ᠋ᠢᠯ ᠠᠯᠺᠣᠣᠯ ᠤᠨ ᠠᠵᠤ ᠦᠢᠯᠡᠰ᠂ ᠲᠡᠮᠦᠷ ᠤᠨ ᠬᠠᠶᠢᠯᠤᠰᠢ + ᠡᠬᠢ ᠲᠣᠣᠷ ᠳᠠᠭᠠᠭᠠᠴᠠ ᠶᠢᠨ ᠠᠵᠤ ᠦᠢᠯᠡᠰ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠬᠥᠴᠥᠷᠭᠡᠭᠵᠢᠭᠦᠯᠵᠥ᠂ ᠣᠳᠣ ᠦᠶ᠎ᠡ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠲᠦᠷᠭᠡᠪᠴᠢᠯᠡᠨ ᠪᠣᠵᠠᠭᠠᠶᠢᠷᠠᠭᠤᠯᠤᠨ᠎ᠠ᠂ ︽ᠭᠤᠷᠪᠠ ᠪᠠᠶᠢᠵᠤ ᠬᠤᠶᠠᠷ ᠢ ᠡᠷᠢᠬᠦ︾ ᠪᠠᠷ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ᠂ ᠪᠠᠶᠢᠭᠤᠯᠵᠤ ᠪᠠᠶᠢᠭ᠎ᠠ ᠲᠦᠷᠦᠯ ᠵᠦᠢᠯ᠂ ᠲᠦᠷᠦᠯ ᠵᠦᠢᠯ  ᠳᠤ ᠳᠥᠷᠥ ᠶᠢᠨ ᠪᠤᠳᠤᠯᠭ᠎ᠠ  ᠶᠢᠨ ᠵᠥᠪᠯᠡᠯᠭᠡ ᠥᠭᠬᠦ᠂ ᠪᠡᠯᠡ ᠣᠷᠣᠭᠤᠯᠵᠤ᠂ ᠪᠡᠯᠡ ᠳᠤᠬᠢᠷᠠᠭᠤᠯᠬᠤ ᠳᠣᠬᠠᠶᠢᠯᠠᠭᠰᠠᠨ ᠠᠵᠢᠯ᠂ ᠭᠠᠷ ᠭᠦᠢᠴᠡᠳᠬᠡᠯ ᠬᠢᠬᠦ᠂ ᠴᠢᠳᠠᠪᠤᠷᠢᠲᠠᠨ ᠡᠯᠰᠡᠬᠦ᠂ ᠮᠡᠷᠭᠡᠵᠢᠯ ᠤᠨ ᠪᠣᠯᠪᠠᠰᠤᠷᠠᠯ ᠬᠢᠬᠦ ᠵᠡᠷᠭᠡ ᠲᠠᠯ᠎ᠠ ᠪᠠᠷ ᠨᠢᠭᠡ ᠦᠷᠳᠡᠭᠡᠯᠢᠭ ᠳᠥᠭᠦᠮ ᠳᠥᠲᠡ ᠦᠢᠯᠡᠴᠢᠯᠡᠭᠡ ᠬᠠᠩᠭᠠᠨ᠎ᠠ᠃    ᠬᠠᠪᠤᠷ ᠤᠨ ᠤᠷᠢᠬᠠᠨ ᠰᠠᠯᠬᠢ ᠰᠠᠯᠬᠢᠯᠠᠵᠤ᠂ ᠳᠠᠷᠪᠠᠭᠤᠯ ᠬᠡᠶᠢᠰᠬᠡᠨ ᠬᠤᠯᠠ ᠠᠶᠠᠯᠠᠨ᠎ᠠ᠃ ᠬᠤᠷᠠᠯ ᠤᠨ ᠲᠠᠯᠠᠪᠠᠢ  ᠠᠴᠠ ᠤᠶᠠᠩᠭᠠᠯᠠᠬᠰᠠᠨ ᠡᠷᠡᠯᠬᠡᠭ ᠵᠣᠷᠢᠭ ᠬᠥᠰᠡᠯ᠂ ᠦᠢᠯᠡᠳᠪᠦᠷᠢ ᠶᠢᠨ ᠲᠠᠰᠤᠭ ᠤᠨ ᠮᠠᠰᠢᠨ ᠤ ᠴᠤᠤᠷᠢᠶᠠᠳᠤᠮ᠎ᠠ ᠳᠠᠭᠤᠨ᠂ ᠲᠦᠷᠦᠯ ᠵᠦᠢᠯ ᠢ ᠶᠡᠬᠡᠪᠡᠷ ᠠᠳᠬᠤᠬᠤ ᠠᠴᠠ ᠠᠤᠭ᠎ᠠ ᠵᠢᠷᠤᠭ ᠲᠥᠰᠦᠪ ᠠᠴᠠ ᠂ ᠲᠦᠷᠦᠯ ᠵᠦᠢᠯ ᠤᠨ ᠭᠠᠵᠠᠷ ᠪᠦᠬᠦᠨ ᠳᠤ ᠴᠡᠴᠡᠭᠯᠡᠭᠰᠡᠨ ᠰᠠᠶᠢᠨ ᠰᠠᠶᠢᠬᠠᠨ ᠪᠣᠳᠠᠲᠤ ᠠᠬᠤᠢ ᠬᠦᠷᠲᠡᠯ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠶᠠᠭ ᠡᠬᠡ ᠭᠠᠵᠠᠷ ᠢᠶᠠᠷ ᠢᠶᠠᠨ ᠡᠪᠬᠡᠮᠡᠯ ᠵᠢᠷᠤᠭ ᠪᠤᠯᠭᠠᠨ᠂ ᠰᠢᠨ᠎ᠡ ᠶᠢ ᠡᠭᠦᠳᠬᠦ ᠪᠠᠷ ᠪᠢᠷ ᠢᠶᠠᠨ ᠪᠣᠯᠭᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠷ ᠰᠢᠨ᠎ᠡ ᠠᠶᠠᠨ ᠢᠶᠠᠨ ᠡᠬᠢᠯᠡᠭᠦᠯᠵᠦ᠂ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠥᠷᠢᠰᠦᠯᠳᠦᠭᠡᠨ ᠢ ᠤᠭᠲᠤᠵᠤ᠂ ᠡᠷᠡᠯᠬᠡᠭᠯᠡᠨ ᠤᠷᠤᠭᠰᠢᠯᠠᠬᠤ ᠰᠢᠨ᠎ᠡ ︽ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠪᠢᠴᠢᠭᠯᠡᠵᠦ ᠪᠠᠶᠢᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号