ᠰᠤᠷᠪᠤᠯᠵᠢᠯᠠᠭᠴᠢ 2 ᠰᠠᠷ᠎ᠠ ᠶᠢᠨ 10 ᠤ ᠡᠳᠦᠷ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ | ᠲᠠᠪᠴᠠᠩ ᠤᠨ APP ᠶᠢᠨ ︽ᠡᠮ ᠡᠮᠨᠡᠯᠭᠡ ᠶᠢᠨ ᠳᠠᠭᠠᠳᠬᠠᠯ ᠤᠨ ᠡᠮ ᠲᠠᠩ ᠬᠤᠷᠣᠭᠳᠠᠯ ᠮᠠᠲ᠋ᠧᠷᠢᠶᠠᠯ ᠢ ᠮᠥᠷᠳᠡᠨ | ᠪᠠᠶᠢᠴᠠᠭᠠᠬᠤ ᠮᠡᠳᠡᠭᠡ ᠵᠠᠩᠭᠢ ᠶᠢ ᠠᠰᠠᠭᠤᠨ ᠯᠠᠪᠯᠠᠬᠤ︾ ᠴᠢᠳᠠᠮᠵᠢ ᠶᠢ ᠣᠶᠢᠷ᠎ᠠ ᠳᠤ ᠵᠢᠩᠬᠢᠨᠢ ᠪᠠᠷ ᠰᠦᠯᠵᠢᠶᠡᠨ ᠳᠤ | ᠭᠠᠷᠭᠠᠬᠰᠠᠨ ᠠᠴᠠ ᠡᠮ ᠬᠤᠳᠠᠯᠳᠤᠨ ᠠᠪᠤᠭᠴᠢ ᠨᠢ ᠡᠮ ᠤᠨ ᠬᠠᠶᠢᠷᠴᠠᠭ ᠳᠡᠭᠡᠷᠡᠬᠢ ᠡᠮ ᠲᠠᠩ ᠤᠨ | ᠮᠥᠷᠳᠡᠯᠲᠡ ᠶᠢᠨ ᠺᠣᠳ᠋ ᠢ ᠰᠢᠷᠪᠢᠬᠦ ᠪᠠᠷ ᠳᠡᠮᠵᠢᠨ ᠡᠮ ᠲᠠᠩ ᠤᠨ ᠪᠣᠷᠣᠯᠠᠭᠤᠯᠭ᠎ᠠ ᠶᠢᠨ ᠨᠠᠷᠢᠨ ᠲᠣᠳᠣᠷᠬᠠᠶ ᠮᠡᠳᠡᠭᠡ | ᠵᠠᠩᠭᠢ ᠶᠢ ᠣᠯᠵᠤ᠂ ᠡᠮ ᠲᠠᠩ ᠤᠨ ︽ᠤᠷᠢᠳᠤ ᠶᠢᠨ ᠬᠢ ᠪᠠ ᠡᠳᠦᠭᠡ ᠶᠢᠨ ᠬᠢ ᠪᠠᠶᠢᠳᠠᠯ︾ ᠢ ᠣᠶᠢᠯᠠᠭᠠᠵᠤ | ᠪᠣᠯᠤᠨ᠎ᠠ᠃ ᠣᠳᠣᠬᠠᠨ ᠳᠤ ᠡᠳᠦᠷ ᠪᠦᠷᠢ 3.3 ᠲᠦᠮᠡᠨ ᠬᠥᠮᠦᠨ ᠤᠳᠠᠭ᠎ᠠ ᠡᠨᠡ ᠬᠦ ᠴᠢᠳᠠᠮᠵᠢ ᠶᠢ ᠬᠡᠷᠡᠭᠯᠡᠨ ᠡᠮ | ᠲᠠᠩ ᠤᠨ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠠᠰᠠᠭᠤᠨ ᠯᠠᠪᠯᠠᠵᠤ ᠪᠠᠶᠢᠨ᠎ᠠ᠃ | ᠡᠮ ᠲᠠᠩ ᠤᠨ ᠮᠥᠷᠳᠡᠯᠲᠡ ᠶᠢᠨ ᠺᠣᠳ᠋ ᠪᠣᠯ ᠬᠠᠶᠢᠷᠴᠠᠭ ᠪᠦᠷᠢ ᠶᠢᠨ ᠡᠮ ᠤᠨ ᠴᠣᠷ ᠤᠨ ᠭᠠᠭᠴᠠ ︽ | ᠡᠯᠧᠺᠲᠷᠣᠨ ᠪᠡᠶ᠎ᠡ ᠶᠢᠨ ᠦᠨᠡᠮᠯᠡᠯ︾ ᠪᠣᠯᠤᠨ᠎ᠠ᠃ ᠨᠢᠭᠡ ᠬᠠᠶᠢᠷᠴᠠᠭ ᠡᠮ ᠲᠠᠩ ᠤᠨ ᠮᠥᠷᠳᠡᠯᠲᠡ ᠶᠢᠨ ᠺᠣᠳ᠋ ᠨᠢ | ᠵᠥᠪᠬᠡᠨ ᠨᠢᠭᠡ ᠯᠡ ᠤᠳᠠᠭ᠎ᠠ ᠺᠣᠳ᠋ ᠰᠢᠷᠪᠢᠭᠦᠯᠵᠦ ᠪᠣᠷᠣᠯᠠᠭᠤᠯᠤᠭᠳᠠᠭᠰᠠᠨ ᠲᠡᠮᠳᠡᠭᠯᠡᠯ ᠲᠠᠢ ᠪᠠᠶᠢᠬᠤ ᠬᠡᠷᠡᠭᠲᠡᠶ᠂ | ᠬᠡᠷᠪᠡ ᠳᠠᠬᠢᠨ ᠳᠠᠪᠲᠠᠨ ᠣᠯᠠᠨ ᠤᠳᠠᠭ᠎ᠠ ᠢᠯᠡᠷᠡᠪᠡᠯ ᠳᠠᠷᠤᠶ ᠬᠠᠭᠤᠷᠮᠠᠭ ᠡᠮ᠂ ᠪᠤᠴᠠᠭᠠᠨ ᠠᠪᠤᠬᠰᠠᠨ ᠡᠮ ᠪᠤᠶᠤ ᠡᠮ | ᠲᠠᠩ ᠢ ᠬᠠᠷᠢᠯᠴᠠᠨ ᠰᠣᠯᠢᠯᠴᠠᠵᠤ ᠪᠣᠷᠣᠯᠠᠭᠤᠯᠬᠤ ᠪᠣᠯᠤᠯᠴᠠᠭ᠎ᠠ ᠲᠠᠢ ᠪᠠᠶᠢᠳᠠᠭ᠃ | ᠲᠠᠨᠢᠯᠴᠠᠭᠤᠯᠤᠭᠰᠠᠨ ᠢ ᠦᠨᠳᠦᠰᠦᠯᠡᠪᠡᠯ᠂ ᠡᠮ ᠬᠤᠳᠠᠯᠳᠤᠨ ᠠᠪᠤᠭᠴᠢ ᠨᠢ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠤᠶᠢᠯᠡᠴᠢᠯᠡᠭᠡᠨ ᠤ ᠲᠠᠪᠴᠠᠩ ᠤᠨ APP ᠳᠤ ᠳᠠᠩᠰᠠᠯᠠᠭᠤᠯᠤᠭᠰᠠᠨ ᠤ ᠳᠠᠷᠠᠭ᠎ᠠ᠂ ︽ᠡᠮ | ᠡᠮᠨᠡᠯᠭᠡ ᠶᠢᠨ ᠳᠠᠭᠠᠳᠬᠠᠯ ᠤᠨ ᠡᠮ ᠲᠠᠩ ᠬᠤᠷᠣᠭᠳᠠᠯ ᠮᠠᠲ᠋ᠧᠷᠢᠶᠠᠯ ᠢ ᠮᠥᠷᠳᠡᠨ ᠪᠠᠶᠢᠴᠠᠭᠠᠬᠤ ᠮᠡᠳᠡᠭᠡ ᠵᠠᠩᠭᠢ ᠶᠢ | ᠠᠰᠠᠭᠤᠨ ᠯᠠᠪᠯᠠᠬᠤ︾ ᠴᠢᠳᠠᠮᠵᠢ ᠳᠤ ᠣᠷᠣᠵᠤ ᠺᠣᠳ᠋ ᠰᠢᠷᠪᠢᠬᠦ ᠪᠤᠶᠤ ᠮᠥᠷᠳᠡᠯᠲᠡ ᠶᠢᠨ ᠺᠣᠳ᠋ ᠣᠷᠣᠭᠤᠯᠵᠤ | ᠠᠰᠠᠭᠤᠨ ᠯᠠᠪᠯᠠᠵᠤ ᠪᠣᠯᠤᠨ᠎ᠠ᠃ ᠬᠡᠷᠪᠡ ᠠᠰᠠᠭᠤᠨ ᠯᠠᠪᠯᠠᠭᠰᠠᠨ ᠤᠶᠢᠯᠡᠳᠬᠦᠨ ᠢ ᠣᠯᠠᠨ ᠤᠳᠠᠭ᠎ᠠ ᠪᠣᠷᠣᠯᠠᠭᠤᠯᠤᠭᠰᠠᠨ | ᠰᠡᠵᠢᠭᠲᠡᠶ ᠪᠠᠶᠢᠪᠠᠯ᠂ ᠣᠯᠠᠨ ᠲᠦᠮᠡᠨ ᠲᠣᠰ ᠮᠡᠳᠡᠭᠡ ᠵᠠᠩᠭᠢ ᠶᠢ ᠦᠨᠳᠦᠰᠦᠯᠡᠨ ᠬᠠᠮᠢᠶ᠎ᠠ ᠪᠥᠬᠦᠶ ᠬᠠᠤᠯᠢ | ᠴᠠᠭᠠᠵᠠ ᠶᠢᠨ ᠵᠤᠶᠢᠯ ᠵᠤᠷᠪᠤᠰ ᠤᠨ ᠱᠠᠭᠠᠷᠳᠠᠯᠭ᠎ᠠ ᠶᠣᠰᠣᠭᠠᠷ ᠲᠣᠰ ᠡᠮ ᠢ ᠪᠣᠷᠣᠯᠠᠭᠤᠯᠤᠭᠰᠠᠨ ᠲᠣᠭᠲᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠠᠴᠠ ᠲᠥᠯᠥᠪᠦᠷᠢ ᠨᠡᠬᠡᠵᠦ ᠪᠣᠯᠤᠨ᠎ᠠ᠃ |