ᠪᠣᠷᠣᠯᠠᠭᠤᠯᠭ᠎ᠠ ᠰᠠᠶᠢᠲᠠᠶ ᠪᠠᠶᠢᠨ᠎ᠠ︕ 20 ᠡᠳᠦᠷ ᠲᠤ 200 ᠳ᠋ᠦᠩᠰᠢᠭᠤᠷ ᠲᠥᠭᠦᠷᠢᠭ ᠤᠨ ᠪᠠᠷᠠᠭ᠎ᠠ ᠬᠤᠳᠠᠯᠳᠤᠪᠠ
ᠨᠡᠶᠢᠲᠡᠯᠡᠭᠰᠡᠨ ᠴᠠᠭ᠄
2025/2/14
      ᠰᠤᠷᠪᠤᠯᠵᠢᠯᠠᠭᠴᠢ 9 ᠤ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠥᠬᠦ ᠤᠯᠤᠰ ᠤᠨ ᠴᠠᠬᠢᠯᠭᠠᠨ ᠬᠡᠷᠡᠭᠰᠡᠯ ᠤᠨ ᠺᠣᠮᠫᠠᠨᠢ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠵᠢᠴᠢ ᠭᠠᠷ ᠤᠲᠠᠰᠤ ᠵᠡᠷᠭᠡ ᠲᠣᠭᠠᠴᠢᠯᠠᠭᠰᠠᠨ ᠤᠶᠢᠯᠡᠳᠬᠦᠨ ᠬᠤᠳᠠᠯᠳᠤᠨ ᠠᠪᠬᠤ ᠰᠢᠨ᠎ᠡ ᠳ᠋ᠠᠶᠢᠲ᠋ᠠ ᠶᠢᠨ ᠲᠠᠪᠴᠠᠩ ᠠᠴᠠ ᠦᠵᠡᠪᠡᠯ 1 ᠰᠠᠷ᠎ᠠ ᠶᠢᠨ 20 ᠤ ᠡᠳᠦᠷ ᠤᠨ 0 ᠴᠠᠭ ᠠᠴᠠ 2 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ 2009.2 ᠲᠦᠮᠡᠨ ᠬᠡᠷᠡᠭᠯᠡᠭᠴᠢ 2541.4 ᠲᠦᠮᠡᠨ ᠭᠠᠷ ᠤᠲᠠᠰᠤ ᠵᠡᠷᠭᠡ ᠲᠣᠭᠠᠴᠢᠯᠠᠭᠰᠠᠨ ᠤᠶᠢᠯᠡᠳᠬᠦᠨ ᠬᠤᠳᠠᠯᠳᠤᠨ ᠠᠪᠬᠤ ᠨᠥᠬᠦᠪᠥᠷᠢ ᠶᠢ ᠭᠤᠶᠤᠴᠢᠯᠠᠪᠠ᠃      1 ᠰᠠᠷ᠎ᠠ ᠶᠢᠨ 15 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ᠂ ᠤᠶᠤᠨᠲᠤ ᠭᠠᠷ ᠴᠠᠭ ︵ᠪᠠᠭᠤᠤ ᠴᠠᠭ︶ ᠬᠤᠳᠠᠯᠳᠤᠨ ᠠᠪᠬᠤ ᠳᠤ ᠨᠥᠬᠦᠪᠥᠷᠢ ᠥᠭᠬᠦ ᠬᠡᠷᠡᠭᠵᠢᠭᠦᠯᠬᠦ ᠰᠢᠨ᠎ᠡ ᠲᠥᠰᠦᠯ︾ ᠢ ᠨᠡᠶᠢᠲᠡᠯᠡᠪᠡ᠃ 1 ᠰᠠᠷ᠎ᠠ ᠶᠢᠨ 20 ᠤ ᠡᠳᠦᠷ᠂ ᠪᠥᠬᠦ ᠤᠯᠤᠰ ᠤᠨ 28 ᠮᠤᠵᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠡᠷᠡᠭᠵᠢᠭᠦᠯᠵᠦ᠂ ᠪᠤᠰᠤᠳ ᠭᠠᠵᠠᠷ ᠣᠷᠣᠨ ᠴᠤ ᠵᠠᠯᠭᠠᠭ᠎ᠠ ᠪᠠᠷ ᠬᠡᠷᠡᠭᠵᠢᠭᠦᠯᠪᠡ᠃ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠥᠬᠦ ᠤᠯᠤᠰ ᠤᠨ 6000 ᠭᠠᠷᠤᠶ ᠬᠤᠳᠠᠯᠳᠤᠭᠠᠨ ᠤ ᠡᠷᠦᠬᠡ ᠪᠠᠩᠬᠢ ᠶᠢᠨ ᠬᠤᠯᠪᠣᠭ᠎ᠠ ᠪᠠᠷ ᠳᠠᠮᠵᠢᠭᠤᠯᠤᠨ ᠭᠠᠷ ᠤᠲᠠᠰᠤ ᠵᠡᠷᠭᠡ ᠲᠣᠭᠠᠴᠢᠯᠠᠭᠰᠠᠨ ᠤᠶᠢᠯᠡᠳᠬᠦᠨ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯᠯᠠᠭ᠎ᠠ ᠳᠤ ᠣᠷᠣᠯᠴᠠᠵᠤ᠂ ᠨᠥᠬᠦᠪᠥᠷᠢ ᠶᠢᠨ ᠠᠷᠠᠯᠵᠢᠶ᠎ᠠ ᠶᠢ 626.84 ᠲᠦᠮᠡᠨ ᠬᠤᠪᠢ ᠬᠢᠵᠦ᠂ ᠪᠣᠷᠣᠯᠠᠭᠤᠯᠭ᠎ᠠ ᠶᠢᠨ ᠵᠣᠭᠤᠰ ᠤᠨ ᠲᠤᠭ᠎ᠠ ᠨᠢ ᠪᠠᠷᠤᠭ 205.8 ᠳ᠋ᠦᠩᠰᠢᠭᠤᠷ ᠲᠥᠭᠦᠷᠢᠭ ᠲᠤ ᠬᠦᠷᠴᠡᠶ᠃
 
ᠢᠷᠡᠯᠲᠡ᠄ ᠠᠷᠡᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号