2 ᠰᠠᠷ᠎ᠠ ᠶᠢᠨ 10 ᠤ ᠡᠳᠦᠷ᠂ ᠵᠧᠤ ᠳ᠋ᠡ ᠹᠦ᠋ ᠵᠡᠷᠭᠡ ᠨᠠᠷᠠᠲᠤ ᠲᠡᠮᠳᠡᠭᠲᠦ ᠠᠯᠲᠠᠨ ᠤ ᠳᠡᠯᠭᠡᠭᠦᠷ ᠤᠨ ᠠᠯᠲᠠᠨ | ᠵᠠᠰᠠᠯ ᠵᠢᠮᠰᠡᠭ ᠤᠨ ᠡᠳ᠋ᠯᠡᠯ ᠤᠨ ᠦᠨ᠎ᠡ ᠨᠢ ᠭᠷᠠᠮ ᠪᠦᠷᠢ ᠳᠡᠭᠡᠨ 873 ᠲᠥᠭᠦᠷᠢᠭ ᠬᠦᠷᠴᠦ᠂ 1 ᠰᠠᠷ᠎ᠠ ᠶᠢᠨ 1 ᠤ | ᠡᠳᠦᠷ ᠤᠨ ᠭᠷᠠᠮ ᠪᠦᠷᠢ ᠳᠡᠭᠡᠨ 799 ᠲᠥᠭᠦᠷᠢᠭ ᠤᠨ ᠦᠨ᠎ᠡ ᠠᠴᠠ 74 ᠲᠥᠭᠦᠷᠢᠭ ᠥᠰᠴᠦ᠂ ᠡᠨᠡ ᠵᠢᠯ ᠠᠴᠠ | ᠨᠠᠰᠢ ᠨᠡᠶᠢᠲᠡ 9 % ᠪᠠᠷ ᠥᠰᠴᠡᠶ᠃ | 10 ᠤ ᠡᠳᠦᠷ᠂ ᠱᠠᠩᠬᠠᠶ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠵᠠᠬ᠎ᠠ | ᠳᠡᠯᠭᠡᠭᠦᠷ ᠲᠤ ᠭᠠᠷᠤᠭᠰᠠᠨ ᠰᠢᠵᠢᠷ ᠠᠯᠲᠠᠨ ᠬᠤᠭᠤᠴᠠᠭᠠᠲᠤ ᠪᠠᠷᠠᠭᠠᠨ ᠤ ᠭᠤᠤᠯ ᠬᠦᠴᠦᠨ ᠪᠦᠬᠦᠢ ᠬᠡᠷ᠎ᠡ ᠶᠢᠨ | ᠪᠠᠷᠠᠭ᠎ᠠ ᠶᠢᠨ ᠭᠷᠠᠮ ᠪᠦᠷᠢ ᠶᠢ 679.08 ᠲᠥᠭᠦᠷᠢᠭ ᠢᠶᠠᠷ ᠬᠤᠷᠢᠶᠠᠵᠤ᠂ ᠨᠢᠭᠡ ᠦᠶ᠎ᠡ ᠭᠷᠠᠮ ᠪᠦᠷᠢ ᠨᠢ 679. | 65 ᠲᠥᠭᠦᠷᠢᠭ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠪᠡᠯᠡᠨ ᠪᠠᠷᠠᠭᠠᠨ ᠤ ᠵᠠᠬ᠎ᠠ ᠳᠡᠯᠭᠡᠭᠦᠷ ᠳᠡᠭᠡᠷ᠎ᠡ ᠱᠠᠩᠬᠠᠶ ᠶᠢᠨ ᠰᠢᠵᠢᠷ ᠠᠯᠲᠠᠨ ᠤ ᠠᠷᠠᠯᠵᠢᠶᠠᠨ ᠤ ᠭᠠᠵᠠᠷ ᠤᠨ | ᠰᠢᠵᠢᠷ ᠠᠯᠲᠠᠨ ᠤ ᠪᠡᠯᠡᠨ ᠪᠠᠷᠠᠭᠠᠨ ᠤ ᠠᠷᠠᠯᠵᠢᠶ᠎ᠠ ᠨᠡᠯᠢᠶᠡᠳ ᠬᠥᠭᠵᠢᠶᠡᠨᠲᠡᠶ ᠪᠠᠶᠢᠭ᠎ᠠ AU 99.99 ᠶᠢ ᠲᠣᠰ | ᠡᠳᠦᠷ ᠭᠷᠠᠮ ᠪᠦᠷᠢ ᠶᠢ 679.65 ᠲᠥᠭᠦᠷᠢᠭ ᠢᠶᠠᠷ ᠬᠤᠷᠢᠶᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠠᠴᠠ | ᠨᠠᠰᠢᠬᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠵᠢᠯ ᠤᠨ ᠳᠣᠲᠣᠷᠠᠬᠢ ᠥᠰᠥᠯᠲᠡ ᠶᠢᠨ ᠬᠡᠮᠵᠢᠶ᠎ᠡ ᠨᠢ 10 | % ᠶᠢ ᠳᠠᠪᠠᠵᠠᠶ᠃ |