| 2 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ | ᠪᠠᠲᠤᠬᠠᠭᠠᠯᠭ᠎ᠠ ᠪᠠᠯᠭᠠᠰᠤᠨ ᠳᠤ ᠭᠦᠨᠵᠡᠭᠡᠶᠢᠷᠡᠵᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠵᠢᠶᠠ ᠪᠦᠦ ᠯᠢᠶᠠᠩ ᠨᠠᠷ ᠤᠷᠢᠳ ᠬᠤᠵᠢᠳ ᠪᠦᠯᠬᠦᠮᠳᠡᠯ ᠵᠠᠮ ᠤᠨ ᠪᠣᠷᠣᠭᠠᠨ ᠤ ᠤᠰᠤᠨ ᠤ ᠬᠤᠭᠤᠯᠠᠶ ᠶᠢᠨ | ᠲᠣᠤᠷ ᠵᠢᠴᠢ ᠵᠠᠮ ᠢ ᠥᠭᠡᠷᠡᠴᠢᠯᠡᠬᠦ ᠲᠥᠷᠥᠯ ᠵᠦᠢᠯ᠂ ᠪᠢᠨ ᠾᠧ ᠵᠠᠮ ᠤᠨ ᠪᠣᠷᠣᠭᠠᠨ ᠤ ᠤᠰᠤᠨ ᠤ ᠬᠤᠭᠤᠯᠠᠶ ᠶᠢᠨ | ᠲᠣᠤᠷ ᠵᠢᠴᠢ ᠵᠠᠮ ᠢ ᠥᠭᠡᠷᠡᠴᠢᠯᠡᠬᠦ ᠲᠥᠷᠥᠯ ᠵᠦᠢᠯ᠂ ᠬᠡᠤᠬᠡᠨ ᠠᠭᠤᠯᠠ ᠶᠢᠨ ᠬᠤᠪᠢᠰᠬᠠᠯ ᠤᠨ ᠭᠤᠤᠯ ᠰᠡᠳᠦᠪᠲᠦ | ᠬᠥᠮᠦᠵᠢᠯ ᠤᠨ ᠲᠠᠯᠠᠪᠠᠶ ᠶᠢᠨ ᠲᠥᠷᠥᠯ ᠵᠦᠢᠯ᠂ ᠪᠠᠷᠠᠭᠤᠨ ᠭᠠᠳᠠᠷ ᠲᠣᠭᠤᠷᠢᠯ ᠵᠠᠮ ᠢ ᠬᠤᠯᠪᠣᠨ ᠨᠡᠪᠲᠡᠷᠡᠭᠦᠯᠬᠦ | ᠢᠨᠵᠧᠨᠧᠷᠢᠩ᠂ ᠪᠠᠶᠠᠨ ᠵᠠᠮ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠵᠢᠴᠢ ᠵᠠᠮ ᠢ ᠥᠭᠡᠷᠡᠴᠢᠯᠡᠬᠦ | ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠡᠷᠬᠢᠨ ᠲᠣᠭᠤᠷᠢᠨ ᠤ | ᠥᠭᠡᠷᠡᠴᠢᠯᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠥᠬᠦᠶ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠪᠠᠷᠢᠯᠭ᠎ᠠ ᠶᠢᠨ ᠠᠬᠢᠴᠠ ᠶᠢ | ᠤᠶᠢᠯᠠᠭᠠᠨ᠂ ᠢᠨᠵᠧᠨᠧᠷᠢᠩ ᠢ ᠠᠬᠢᠭᠤᠯᠬᠤ ᠳᠤᠮᠳᠠᠬᠢ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ | ᠵᠢᠶᠠ ᠪᠦᠦ ᠯᠢᠶᠠᠩ ᠴᠢᠬᠤᠯᠠᠴᠢᠯᠠᠭᠰᠠᠨ ᠨᠢ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠳᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ | ᠥᠭᠬᠦ ᠶᠢ ᠪᠠᠷᠢᠮᠲᠠᠯᠠᠵᠤ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠦᠨᠡᠨ ᠬᠦ ᠪᠣᠳᠠᠲᠠᠢ ᠨᠠᠷᠢᠯᠢᠭ | ᠲᠤᠭᠤᠰᠢᠲᠠᠢ ᠬᠢᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠵᠠᠮ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠢᠷᠤᠭᠯᠠᠨ ᠲᠥᠯᠥᠪᠯᠡᠵᠦ ᠪᠦᠲᠦᠭᠡᠨ ᠪᠠᠶᠢᠭᠤᠯᠬᠤ᠂ ᠳᠡᠰ | ᠳᠡᠪᠰᠢᠭᠦᠯᠦᠨ ᠥᠭᠡᠷᠡᠴᠢᠯᠡᠬᠦ ᠵᠡᠷᠭᠡ ᠡᠯ᠎ᠡ ᠵᠦᠢᠯ ᠤᠨ ᠠᠵᠢᠯ ᠢ ᠠᠯᠤᠰ ᠬᠡᠳᠦ ᠶᠢᠨ ᠬᠠᠷᠠᠴᠠ ᠪᠠᠷ ᠨᠢᠭᠡᠳᠦᠯᠲᠡᠶ | ᠲᠥᠯᠥᠪᠯᠡᠨ ᠠᠬᠢᠭᠤᠯᠵᠤ᠂ ᠬᠤᠲᠠ ᠪᠠᠯᠭᠠᠰᠤᠨ ᠤ ᠵᠠᠮ ᠬᠠᠷᠢᠯᠴᠠᠭᠠᠨ ᠤ ᠲᠣᠤᠷ ᠤᠨ ᠰᠢᠰᠲ᠋ᠧᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠬᠤᠲᠠ ᠪᠠᠯᠭᠠᠰᠤᠨ ᠤ ᠠᠴᠢᠶᠠᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠢᠳᠡᠪᠬᠢᠲᠡᠢ ᠪᠠᠷ ᠳᠡᠭᠡᠳᠦ ᠱᠠᠳᠤ ᠲᠠᠢ ᠵᠣᠯᠭᠠᠭᠤᠯᠵᠤ᠂ ᠪᠡᠯᠡ ᠮᠥᠩᠭᠦ ᠶᠢᠨ ᠳᠡᠮᠵᠢᠯᠭᠡ ᠶᠢ ᠣᠯᠵᠤ᠂ ᠬᠤᠭᠤᠯᠠᠢ | ᠲᠣᠣᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ | ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠴᠢᠳᠠᠪᠬᠢ ᠶᠢ ᠪᠡᠶᠡᠯᠡᠭᠦᠯᠵᠦ᠂ ᠦᠶᠡᠷ ᠤᠨ ᠬᠤᠭᠤᠴᠠᠭᠠᠨ ᠳᠤ | ᠪᠣᠷᠣᠭᠠᠨ ᠤ ᠤᠰᠤ ᠴᠢᠳᠬᠤᠬᠤ᠂ ᠵᠠᠮ ᠳᠡᠭᠡᠷ᠎ᠡ ᠤᠰᠤ ᠬᠤᠷᠠᠬᠤ᠂ ᠪᠣᠬᠢᠷ ᠤᠰᠤ ᠶᠢ ᠭᠤᠣᠯ ᠤᠷᠤᠭᠤ ᠣᠷᠣᠭᠤᠯᠬᠤ | ᠵᠡᠷᠭᠡ ᠭᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠢ᠃ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠵᠦᠶ ᠵᠣᠬᠢᠰᠲᠠᠶ ᠪᠠᠶᠢᠷᠢᠯᠠᠭᠤᠯᠬᠤ ᠶᠢ | ᠪᠠᠷᠢᠮᠲᠠᠯᠠᠨ᠂ ᠡᠯ᠎ᠡ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ ᠲᠤᠰᠬᠠᠶ ᠮᠡᠷᠭᠡᠵᠢᠯ ᠤᠨ ᠵᠡᠭᠡᠯᠢ ᠲᠣᠭᠤᠷᠢᠭ | ᠪᠠᠶᠢᠭᠤᠯᠬᠤ ᠶᠢ ᠳᠥᠯᠭᠢᠨ ᠠᠬᠢᠭᠤᠯᠵᠤ᠂ ᠭᠤᠤᠯ ᠰᠡᠳᠦᠪᠲᠦ ᠴᠡᠴᠡᠷᠯᠢᠭ ᠤᠨ ᠠᠭᠤᠳᠠᠮ ᠲᠠᠯᠠᠪᠠᠶ᠂ ᠣᠯᠠᠨ | ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠵᠦᠶ ᠵᠣᠬᠢᠰᠲᠠᠶ | ᠲᠥᠯᠥᠪᠵᠢᠭᠦᠯᠦᠨ ᠪᠥᠲᠥᠭᠡᠨ ᠪᠠᠶᠢᠭᠤᠯᠬᠤ ᠬᠡᠷᠡᠭᠲᠡᠶ᠃ ᠪᠠᠷᠢᠯᠭ᠎ᠠ ᠶᠢᠨ ᠬᠦᠷᠢᠶᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ᠂ | ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠬᠤᠲᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠬᠤᠲᠠ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠵᠠᠮ | ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠴᠡᠪᠡᠷ ᠲᠡᠭᠰᠢ ᠡᠮᠬᠢ | ᠵᠢᠷᠤᠮ ᠲᠠᠢ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢᠨ ᠪᠦᠬᠦᠯᠢ ᠴᠣᠭᠴᠠ ᠶᠢᠨ ᠳᠦᠷᠢ | ᠲᠥᠷᠬᠦ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠰᠤ᠋ ᠷᠦᠢ ᠹᠧᠩ᠂ ᠶᠠᠨ ᠴᠦᠨ ᠯᠸᠢ᠂ ᠵᠣᠣ ᠯᠢᠶᠠᠩ᠂ ᠴᠠᠩ ᠬᠤᠩ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ |