︽ᠤᠷᠤᠯᠳᠤᠭᠠᠨ ᠤ ᠮᠣᠷᠢᠨ ᠤ ︿ᠲᠣᠰᠬᠤᠨ ᠤ ᠬᠡᠳᠦ﹀ ᠤᠷᠤᠯᠳᠤᠭᠠᠨ ᠤ ᠨᠡᠷᠡᠲᠦ ᠲᠡᠮᠳᠡᠭ ᠢ ᠬᠡᠷᠬᠢᠨ | ᠦᠷᠭᠦᠯᠵᠢᠯᠡᠨ ᠰᠠᠶᠢᠲᠤᠷ ᠬᠢᠬᠦ ᠪᠤᠢ︖︾ ︽ᠢᠯᠭᠠᠭ᠎ᠠ ᠵᠥᠷᠢᠶ᠎ᠡ ᠲᠠᠢ ᠨᠠᠷᠠᠲᠤ ᠲᠡᠮᠳᠡᠭ ᠤᠨ ᠳᠦᠷᠢ ᠲᠥᠷᠬᠦ ᠶᠢ | ᠬᠡᠷᠬᠢᠨ ᠪᠣᠶ ᠪᠣᠯᠭᠠᠵᠤ᠂ ᠢᠵᠢᠯ ᠴᠢᠨᠠᠷ ᠲᠠᠢ ᠥᠷᠢᠰᠥᠯᠳᠦᠭᠡᠨ ᠠᠴᠠ ᠵᠠᠶᠢᠯᠠᠰᠬᠢᠬᠦ ᠪᠣᠶ︖︾ ︽ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠬᠤᠪᠢᠰᠬᠠᠯ ᠤᠨ ᠡᠬᠢ ᠪᠠᠶᠠᠯᠢᠭ ᠢ ᠬᠡᠷᠬᠢᠨ ᠭᠦᠢᠴᠡᠳ | ᠠᠰᠢᠭᠯᠠᠵᠤ᠂ ᠰᠣᠶᠣᠯ ᠵᠢᠭᠤᠯᠴᠢᠯᠠᠯ ᠤᠨ ᠳᠤᠯᠠᠭᠠᠴᠠ ᠪᠠ ᠬᠠᠯᠠᠮᠰᠢᠯ ᠢ ᠦᠷᠭᠦᠯᠵᠢᠯᠡᠨ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠬᠦ ᠪᠤᠢ︖︾ ︽ᠰᠣᠶᠣᠯ ᠵᠢᠭᠤᠯᠴᠢᠯᠠᠯ ᠤᠨ ᠬᠥᠭᠵᠢᠯᠲᠡ ᠨᠢ ᠵᠠᠰᠠᠭ ᠠᠵᠤ ᠠᠬᠤᠶᠢᠯᠠᠯ ᠬᠠᠮᠲᠤ ᠪᠠᠷ ᠠᠰᠢᠭ | ᠭᠥᠷᠳᠡᠬᠦ ᠶᠢ ᠬᠡᠷᠬᠢᠨ ᠪᠡᠶᠡᠯᠡᠭᠦᠯᠬᠦ ᠪᠣᠶ ᠁︾ | 2 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ 2025 ᠣᠨ ᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠵᠣᠯᠭᠠᠭᠤᠯᠤᠨ ᠰᠣᠯᠢᠯᠴᠠᠬᠤ ᠪᠠᠷ ︽ | ᠭᠤᠷᠪᠠᠨ ᠪᠠᠶᠢᠬᠤ ᠬᠤᠶᠠᠷ ᠢ ᠡᠷᠢᠬᠦ︾ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠳᠡᠭᠡᠷ᠎ᠡ᠂ ᠳᠠᠷᠬᠠᠨ | ᠮᠤᠤᠮᠢᠩᠭᠠᠨ ᠬᠤᠰᠢᠭᠤᠨ ᠤ ᠤᠬᠠᠭᠤᠯᠬᠤ᠂ ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠢᠭᠡᠴᠢ ᠶᠢᠨ ᠤᠳᠤᠷᠢᠳᠬᠤ | ᠺᠠᠳ᠋ᠷ᠂ ᠡᠯ᠎ᠡ ᠰᠣᠶᠣᠯ ᠵᠢᠭᠤᠯᠴᠢᠯᠠᠯ ᠤᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠰᠣᠶᠣᠯ ᠵᠢᠭᠤᠯᠴᠢᠯᠠᠯ ᠪᠠ | ᠬᠤᠳᠠᠯᠳᠤᠭᠠᠨ ᠤ ᠶᠠᠪᠤᠳᠠᠯ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ᠂ ᠤᠬᠠᠭᠤᠯᠤᠨ ᠡᠵᠡᠩᠨᠡᠨ ᠪᠣᠷᠣᠯᠠᠭᠤᠯᠬᠤ | ᠵᠡᠷᠭᠡ ᠠᠰᠠᠭᠤᠳᠠᠯ ᠤᠨ ᠲᠣᠭᠤᠷᠢᠨ ᠳᠤ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠵᠠᠰᠠᠭ ᠠᠵᠤ ᠠᠬᠤᠶᠢᠯᠠᠯ | ᠬᠠᠮᠲᠤ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠵᠥᠪᠳᠡᠯᠴᠡᠪᠡ᠃ | ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯᠲᠠᠳ ᠲᠤᠰ ᠪᠡᠶ᠎ᠡ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ ᠭᠦᠨᠵᠡᠭᠡᠢ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠦᠢᠯᠡᠴᠢᠯᠡᠭᠡ ᠪᠠᠷ ᠠᠶᠠᠨᠴᠢᠳ ᠢ ᠲᠠᠲᠠᠬᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠬᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ᠂ | ᠰᠣᠶᠣᠯ ᠤᠨ ᠠᠭᠤᠯᠤᠭᠳᠠᠬᠤᠨ ᠢ ᠭᠦᠢᠴᠡᠳ ᠠᠭᠤᠳᠠᠯᠬᠤ᠂ ᠣᠷᠣᠨ ᠨᠤᠲᠤᠭ ᠤᠨ ᠠᠵᠤ ᠦᠢᠯᠡᠰ ᠤᠨ | ᠪᠦᠯᠦᠭᠵᠢᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠲᠤᠰ ᠲᠤᠰ | ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠶᠠᠷᠢᠯᠴᠠᠬᠤ ᠬᠤᠷᠠᠯ ᠳᠡᠭᠡᠷ᠎ᠡ ᠵᠣᠴᠢᠳ ᠤᠨ ᠪᠠᠭᠤᠳᠠᠯ᠂ | ᠦᠵᠡᠮᠵᠢ ᠶᠢᠨ ᠣᠷᠣᠨ ᠵᠡᠷᠭᠡ ᠠᠵᠢᠯ ᠲᠥᠷᠥᠯ ᠤᠨ ᠬᠠᠮᠤᠭ ᠤᠨ ᠴᠢᠩ ᠦᠨᠡᠨᠴᠢ ᠳᠠᠭᠤᠨ ᠢ ᠰᠣᠨᠣᠰᠤᠭᠰᠠᠨ ᠢᠶᠠᠷ | ᠪᠠᠷᠠᠬᠤ ᠥᠬᠡᠶ᠂ ᠬᠠᠮᠤᠭ ᠤᠨ ᠦᠨᠡᠨᠴᠢ ᠬᠠᠷᠢᠭᠤ ᠲᠤᠰᠬᠠᠯ ᠢ ᠣᠶᠢᠯᠠᠭᠠᠭᠰᠠᠨ ᠪᠥᠭᠡᠳ᠂ ᠥᠩᠭᠡᠷᠡᠭᠰᠡᠨ ᠨᠢᠭᠡ | ᠵᠢᠯ ᠤᠨ ᠲᠤᠷᠰᠢᠬᠢ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠡᠷᠭᠢᠴᠡᠭᠦᠯᠦᠨ | ᠵᠠᠳᠠᠯᠵᠤ᠂ 2025 ᠣᠨ ᠤ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠯᠠᠪᠯᠠᠯᠲᠠ ᠬᠠᠩᠭᠠᠵᠤ᠂ | ᠢᠲᠡᠭᠡᠯ ᠵᠣᠷᠢᠭ ᠢ ᠪᠣᠶ ᠪᠣᠯᠭᠠᠭᠰᠠᠨ ᠪᠠᠶᠢᠨ᠎ᠠ᠃ ᠪᠤᠭᠤᠲᠤ ᠬᠤᠳᠠ ᠶᠢᠨ ᠵᠢᠦ ᠽᠢ ᠰᠣᠶᠣᠯ ᠵᠢᠭᠤᠯᠴᠢᠯᠠᠯ ᠤᠨ | ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠶᠠ ᠴᠢᠨ ᠠᠴᠠ᠄ ︽ᠡᠨᠡ ᠤᠳᠠᠭᠠᠨ ᠤ ᠶᠠᠷᠢᠯᠴᠠᠬᠤ | ᠬᠤᠷᠠᠯ ᠢ ᠮᠠᠰᠢ ᠴᠠᠭ ᠲᠤᠬᠠᠢ ᠳᠤ ᠨᠢ ᠬᠤᠷᠠᠯᠳᠤᠭᠤᠯᠵᠤ᠂ ᠶᠠᠭ ᠰᠠᠶᠢᠬᠠᠨ ᠮᠠᠨ ᠤ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠳᠠᠯᠳᠠ ᠬᠦᠴᠦᠨ ᠢ ᠨᠡᠭᠡᠭᠡᠬᠦ | ᠴᠢᠬᠤᠯᠠ ᠴᠠᠭ ᠦᠶ᠎ᠡ ᠪᠣᠯᠤᠨ᠎ᠠ᠃ ᠶᠠᠷᠢᠯᠴᠠᠬᠤ ᠬᠤᠷᠠᠯ ᠳᠡᠭᠡᠷ᠎ᠡ ᠪᠢᠳᠡ ᠪᠥᠬᠦ ᠬᠤᠰᠢᠭᠤᠨ ᠤ 2025 ᠣᠨ ᠤ | ᠰᠣᠶᠣᠯ ᠵᠢᠭᠤᠯᠴᠢᠯᠠᠯ ᠤᠨ ᠠᠵᠢᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢᠨ ᠰᠡᠳᠬᠢᠮᠵᠢ ᠶᠢ ᠣᠯᠵᠤ | ᠮᠡᠳᠡᠭᠡᠳ᠂ ᠮᠠᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠬᠤᠭᠤᠷᠣᠨᠳᠣ ᠪᠠᠨ ᠪᠠᠰᠠ ᠮᠡᠳᠡᠭᠡ ᠵᠠᠩᠭᠢ ᠶᠢᠨ | ᠨᠡᠪᠲᠡᠷᠡᠯᠴᠡᠭᠡ ᠪᠠ ᠣᠶᠢᠯᠠᠭᠠᠯᠴᠠᠭ᠎ᠠ ᠶᠢ ᠪᠠᠶᠢᠭᠤᠯᠵᠤ᠂ ᠪᠢᠳᠡᠨ ᠤ ᠲᠠᠷᠠᠭᠠᠴᠢ ᠶᠢᠨ ᠠᠯᠬᠤᠮ ᠤᠨ ᠠᠵᠢᠯ ᠢᠶᠠᠨ | ᠰᠠᠶᠢᠲᠤᠷ ᠬᠢᠬᠦ ᠳᠤ ᠴᠢᠭᠯᠡᠯ ᠬᠠᠩᠭᠠᠭᠰᠠᠨ ᠪᠠᠶᠢᠨ᠎ᠠ᠂ ᠡᠨᠡ ᠤᠳᠠᠭᠠᠨ ᠤ ᠬᠤᠷᠠᠯ ᠢ ᠪᠢ ᠮᠠᠰᠢ ᠴᠢᠬᠤᠯᠠ ᠭᠡᠵᠦ | ᠦᠵᠡᠵᠦ ᠪᠠᠶᠢᠨ᠎ᠠ︾ ᠭᠡᠰᠡᠨ ᠪᠠᠶᠢᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠬ᠎ᠠ | ᠳᠡᠯᠭᠡᠭᠦᠷ ᠢ ︽ᠬᠥᠭᠵᠢᠶᠡᠨᠲᠡᠶ︾ ᠪᠣᠯᠭᠠᠵᠤ᠂ ᠠᠵᠤ ᠦᠢᠯᠡᠰ ᠢ ︽ᠬᠦᠴᠦᠷᠬᠡᠭᠵᠢᠭᠦᠯᠵᠦ︾᠂ ᠠᠵᠤ ᠠᠬᠤᠶ ᠶᠢ ︽ | ᠬᠥᠭᠵᠢᠭᠦᠯᠵᠦ︾᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠰᠢᠨ᠎ᠡ ᠳᠠᠪᠠᠭᠤᠯᠢᠭ᠂ ᠠᠵᠤ | ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠰᠢᠨ᠎ᠡ ᠬᠥᠳᠡᠯᠭᠡᠬᠦ ᠬᠦᠴᠦᠨ ᠪᠣᠯᠭᠠᠬᠤ ᠪᠠᠷ | ᠴᠢᠷᠮᠠᠶᠢᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠬᠥᠭᠵᠢᠯᠲᠡ ᠶᠢᠨ ︽ᠨᠢᠭᠡ ᠬᠥᠯᠭᠡ ᠰᠢᠲᠠᠷ᠎ᠠ︾ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ᠂ | ᠠᠵᠤ ᠠᠬᠤᠶᠢᠯᠠᠯ ᠤᠨ ᠲᠥᠯᠥᠭᠡᠯᠡᠭᠴᠢᠳ ᠠᠴᠠ᠂ ᠲᠣᠰ ᠪᠡᠶ᠎ᠡ ᠶᠢᠨ ᠳᠠᠪᠠᠭᠤᠯᠢᠭ ᠪᠠ ᠠᠵᠢᠯ ᠲᠥᠷᠥᠯ ᠤᠨ | ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠨᠢᠭᠡ ᠯᠡ ᠠᠳᠠᠯᠢ ᠪᠠᠷ ᠨᠤᠲᠤᠭ | ᠤᠰᠤᠨ ᠤ ᠪᠠᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠤᠬᠠᠮᠰᠠᠷ ᠠᠴᠠ ᠪᠠᠨ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ︽ᠵᠥᠪᠯᠡᠭᠴᠢ︾ ︽ᠣᠷᠣᠯᠠᠨ ᠥᠭᠦᠯᠡᠭᠴᠢ︾ ︽ᠪᠡᠯᠡ ᠣᠷᠣᠭᠤᠯᠤᠭᠴᠢ | ︾ ᠪᠣᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠳᠤ ᠪᠦᠬᠦ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠲᠦᠩ ᠳ᠋ᠡ ᠭᠦᠩ ᠮᠤᠤ ᠰᠣᠶᠣᠯ | ᠵᠢᠭᠤᠯᠴᠢᠯᠠᠯ ᠤᠨ ᠺᠣᠮᠫᠠᠨᠢ ᠶᠢᠨ ᠬᠠᠷᠢᠭᠤᠴᠠᠯᠭᠠᠲᠠᠨ ᠭᠤᠤ ᠶᠤᠸᠠᠨ ᠳ᠋ᠢ ᠠᠴᠠ᠄ ︽ᠬᠤᠰᠢᠭᠤᠨ ᠤ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠳᠡ ᠵᠠᠯᠭᠠᠭᠠᠳ ᠲᠤᠰ ᠤᠳᠠᠭᠠᠨ ᠤ | ᠬᠤᠷᠠᠯ ᠤᠨ ᠦᠷ᠎ᠡ ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠳᠤ ᠭᠦᠨᠵᠡᠭᠡᠢ ᠵᠣᠯᠭᠠᠭᠤᠯᠬᠤ ᠲᠠᠪᠴᠠᠩ ᠪᠠᠶᠢᠭᠤᠯᠵᠤ | ᠥᠭᠭᠦᠨ᠎ᠡ᠃ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠷ | ᠳᠠᠮᠵᠢᠭᠤᠯᠤᠨ ︿ᠭᠤᠷᠪᠠᠨ ᠪᠠᠶᠢᠬᠤ ᠬᠤᠶᠠᠷ ᠢ ᠡᠷᠢᠬᠦ﹀ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠣᠷᠣᠨ | ᠪᠦᠰᠡ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠪᠢᠳᠡ | ᠭᠤᠷᠪᠠᠨ ᠲᠠᠯ᠎ᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠬᠤ ᠪᠣᠯᠣᠨ᠎ᠠ᠂ ᠨᠢᠭᠡ ᠳᠤ ᠵᠠᠰᠠᠭ ᠠᠵᠤ ᠠᠬᠤᠶᠢᠯᠠᠯ ᠤᠨ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ | ᠳᠣᠭᠢᠷᠠᠭᠤᠯᠤᠨ᠎ᠠ︔ ᠬᠤᠶᠠᠷ ᠲᠤ ᠤᠨᠴᠠᠯᠢᠬᠳᠤ ᠰᠣᠶᠣᠯ ᠵᠢᠭᠤᠯᠴᠢᠯᠠᠯ ᠤᠨ IP ᠶᠢ ᠡᠭᠦᠳᠴᠦ᠂ ᠲᠠᠯ᠎ᠠ ᠨᠤᠲᠤᠭ ᠤᠨ | ᠰᠣᠶᠣᠯ ᠢ ᠪᠡᠶᠡᠴᠢᠯᠡᠨ ᠣᠶᠢᠯᠠᠭᠠᠬᠤ ᠶᠢ ︿ᠠᠮᠢᠳᠤᠯᠢᠭᠵᠢᠭᠤᠯᠤᠨ᠎ᠠ﹀᠂ ᠭᠤᠷᠪᠠ ᠳᠤ ᠦᠢᠯᠡᠴᠢᠯᠡᠭᠡᠨ ᠤ ᠬᠡᠯᠬᠢᠶ᠎ᠡ ᠶᠢ | ᠰᠢᠯᠢᠳᠡᠭᠵᠢᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠵᠢᠭᠤᠯᠴᠢᠯᠠᠭᠰᠠᠳ ᠢ ᠢᠷᠡᠬᠦ ᠳᠤᠷᠠᠲᠠᠶ᠂ ᠦᠯᠡᠳᠡᠬᠦ ᠳᠤᠷᠠᠲᠠᠢ᠂ ᠳᠠᠬᠢᠨ ᠳᠤᠷᠠᠲᠠᠢ ᠪᠣᠯᠭᠠᠨ᠎ᠠ᠃ ᠵᠠᠰᠠᠭ ᠤᠨ | ᠣᠷᠳᠣᠨ ᠤ ᠵᠢᠯᠣᠭᠤᠳᠣᠯᠭ᠎ᠠ ᠪᠣᠯᠣᠨ ᠵᠠᠬ᠎ᠠ ᠳᠡᠯᠭᠡᠭᠦᠷ ᠤᠨ ᠬᠥᠳᠡᠯᠭᠡᠭᠦᠷ ᠳᠣᠣᠷ᠎ᠠ᠂ ᠪᠢᠳᠡ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠤᠮᠠᠷᠠᠲᠤ | ᠬᠢᠯᠢ ᠶᠢᠨ ᠰᠣᠶᠣᠯ ᠵᠢᠭᠤᠯᠴᠢᠯᠠᠯ ᠤᠨ ᠬᠡᠪ ᠳᠠᠭᠤᠷᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠠᠵᠤ ᠦᠢᠯᠡᠰ ᠢ ᠲᠠᠰ ᠳᠡᠪᠰᠢᠭᠦᠯᠬᠦ ᠢ ᠡᠷᠴᠢᠮᠵᠢᠭᠦᠯᠬᠦ ᠳᠤ ᠢᠲᠡᠭᠡᠯ ᠳᠦᠭᠦᠷᠡᠩ ᠪᠠᠶᠢᠨ᠎ᠠ︾ | ᠭᠡᠵᠦ ᠬᠡᠯᠡᠪᠡ᠃ | ᠰᠣᠶᠣᠯ ᠵᠢᠭᠤᠯᠴᠢᠯᠠᠯ ᠤᠨ ︽ᠦᠢᠯᠡᠰ︾ ᠢ ᠨᠠᠩ ᠭᠡᠷᠡᠯ ᠰᠠᠴᠤᠷᠠᠩᠭᠤᠶ ᠪᠣᠯᠭᠠᠮᠠᠨᠵᠢᠨ ᠰᠠᠶ᠋ᠢ ᠠᠭᠤᠰᠤᠯᠴᠠᠨ | ᠬᠥᠭᠵᠢᠬᠦ ᠶᠢ ᠨᠠᠩ ᠥᠩᠭᠡ ᠭᠢᠯᠪᠠᠭᠤᠯᠤᠨᠠ᠂ ᠥᠩᠭᠡᠷᠡᠭᠰᠡᠨ ᠨᠢᠭᠡ ᠵᠢᠯ ᠳᠤ᠂ ᠪᠡᠶ᠎ᠡ ᠶᠢᠨ ᠲᠠᠮᠢᠷ ᠤᠨ ᠤᠷᠤᠯᠳᠤᠭᠠᠨ | ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠪᠠᠶᠢᠨ ᠳᠠᠬᠢᠨ ︽ᠪᠠᠭ᠋ᠠᠷᠬᠠᠭᠰᠠᠳ ᠲᠠᠲᠠᠬᠤ︾ ᠪᠣᠯᠭᠠᠵᠤ᠂ | ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢ ᠵᠠᠯᠭᠠᠭ᠎ᠠ ᠪᠠᠷ ︽ | ᠣᠯᠠᠨ ᠲᠦᠮᠡᠨ ᠳᠤ ᠲᠠᠨᠢᠭᠳᠠᠭᠤᠯᠪᠠ︾᠃ ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠰᠣᠶᠣᠯ ᠵᠢᠭᠤᠯᠴᠢᠯᠠᠯ ᠨᠢ ᠠᠵᠠ ᠲᠣᠬᠢᠶᠠᠯ ᠢ ᠠᠮᠵᠢᠨ᠂ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠨᠡᠮᠡᠭᠳᠡᠯ ᠤᠨ | ᠴᠡᠭ ᠢ ᠦᠷᠭᠦᠯᠵᠢᠯᠡᠨ ᠥᠷᠭᠡᠳᠬᠡᠵᠦ᠂ ᠪᠠᠶᠢᠭᠠᠯᠢ ᠶᠢᠨ ᠥᠩᠭᠡ ᠦᠵᠡᠮᠵᠢ ᠬᠢᠭᠡᠳ ᠬᠥᠮᠦᠨ ᠰᠣᠶᠣᠯ ᠤᠨ ᠦᠵᠡᠮᠵᠢ | ᠰᠣᠯᠪᠢᠴᠠᠨ ᠭᠡᠷᠡᠯᠲᠦᠭᠦᠯᠬᠦ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠠᠮ ᠢ ᠬᠠᠶᠢᠨ ᠰᠦᠪᠡᠭᠴᠢᠯᠡᠵᠦ᠂ | ᠨᠠᠩ ᠣᠯᠠᠨ ᠵᠢᠭᠤᠯᠴᠢᠯᠠᠭᠠᠳ ᠤᠨ ᠳᠠᠷᠬᠠᠨ ᠮᠤᠤᠮᠢᠩᠭᠠᠨ ᠳᠤ ᠢᠷᠡᠵᠦ ︽ᠰᠢᠯᠦᠭ ᠪᠠ ᠠᠯᠤᠰ ᠢᠷᠡᠭᠡᠳᠦᠶ︾ ᠶᠢ | ᠡᠷᠢᠯᠬᠢᠯᠡᠬᠦ ᠶᠢ ᠲᠠᠲᠠᠬᠤ ᠪᠠᠷ ᠪᠣᠢ᠃ |