ᠣᠨ ᠰᠠᠷ᠎ᠠ ᠤᠭ ᠰᠠᠨᠠᠭ᠎ᠠ  ᠶᠢ ᠲᠤᠰᠬᠠᠵᠤ  ᠢᠷᠠᠭᠤ ᠠᠯᠳᠠᠷᠳᠠᠢ ᠪᠠᠷ ᠠᠵᠢᠯ ᠠᠴᠠ ᠪᠠᠨ ᠠᠮᠠᠷᠠᠬᠤ ᠦᠩᠭᠡ ᠬᠢᠯᠪᠠᠭ᠎ᠠ ᠶᠢ  ᠮᠠᠭᠳᠠᠨ ᠲᠠᠭᠤᠯᠠᠶ᠎ᠠ  ᠪᠠᠭ᠎ᠠ ᠤᠩᠭᠤᠨ ᠰᠢᠶᠠᠩ 2024 ᠣᠨ ᠤ ᠠᠵᠢᠯᠲᠠᠨ ᠠᠵᠢᠯᠴᠢᠨ ᠤ ᠢᠷᠠᠭᠤ ᠠᠯᠳᠠᠷᠳᠠᠢ ᠪᠠᠷ ᠠᠵᠢᠯ ᠠᠴᠠ ᠪᠠᠨ ᠠᠮᠠᠷᠠᠬᠤ ᠶᠣᠰᠣᠯᠠᠯ ᠶᠠᠪᠤᠭ᠋᠊
ᠨᠡᠶᠢᠲᠡᠯᠡᠭᠰᠡᠨ ᠴᠠᠭ᠄
2025/2/15
      ᠣᠨ ᠰᠠᠷ᠎ᠠ ᠤᠭ ᠰᠠᠨᠠᠭ᠎ᠠ ᠶᠢ ᠲᠤᠰᠬᠠᠵᠤ  ᠢᠷᠠᠭᠤ ᠠᠯᠳᠠᠷᠳᠠᠢ ᠪᠠᠷ ᠠᠵᠢᠯ ᠠᠴᠠ ᠪᠠᠨ ᠠᠮᠠᠷᠠᠬᠤ ᠦᠩᠭᠡ ᠬᠢᠯᠪᠠᠭ᠎ᠠ ᠶᠢ  ᠮᠠᠭᠳᠠᠨ ᠲᠠᠭᠤᠯᠠᠶ᠎ᠠ᠃ ᠶᠡᠷᠦᠩᠬᠡᠶ ᠱᠦᠵᠢ ᠰᠢ ᠶᠢᠨ ᠫᠢᠩ ᠤᠨ ᠠᠬᠠᠮᠠᠳ ᠺᠠᠳ᠋ᠷᠴᠤᠳ ᠤᠨ ᠠᠵᠢᠯ ᠢ ︽ᠤᠯᠤᠰ ᠲᠥᠷᠥ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠣᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠤᠯᠤᠰ ᠲᠥᠷᠥ ᠶᠢᠨ ᠢᠷᠠᠭᠤ ᠠᠯᠳᠠᠷ ᠤᠨ ᠰᠡᠳᠬᠢᠯᠭᠡ᠂ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠰᠡᠳᠬᠢᠯᠭᠡ ᠪᠠ ᠠᠮᠢᠳᠤᠷᠠᠯ ᠤᠨ ᠵᠣᠯ ᠵᠢᠷᠭᠠᠯᠳᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠵᠠᠯᠠᠭᠤ ᠺᠠᠳ᠋ᠷᠴᠤᠳ ᠤᠨ ᠭᠠᠯ ᠪᠠᠮᠪᠠᠷ ᠤᠯᠠᠮᠵᠢᠯᠠᠬᠤ᠂ ᠦᠷᠭᠦᠯᠵᠢᠯᠡᠨ ᠲᠡᠮᠡᠴᠡᠬᠦ ᠶᠢ ᠵᠣᠷᠢᠭᠵᠢᠭᠤᠯᠬᠤ ᠶᠢᠨ ᠲᠥᠯᠥᠭᠡ᠂ 2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂  ᠪᠠᠭ᠎ᠠ ᠤᠩᠭᠤᠨ ᠰᠢᠶᠠᠩ ᠠᠯᠪᠠᠨ ᠪᠠᠶᠢᠭᠤᠯᠭ᠎ᠠ ᠠᠵᠢᠯ ᠦᠢᠯᠡᠰ ᠤᠨ ᠠᠵᠢᠯᠲᠠᠨ ᠤ ᠢᠷᠠᠭᠤ ᠠᠯᠳᠠᠷᠳᠠᠢ ᠪᠠᠷ  ᠠᠵᠢᠯ ᠠᠴᠠ ᠪᠠᠨ ᠠᠮᠠᠷᠠᠬᠤ ᠶᠣᠰᠣᠯᠠᠯ ᠶᠠᠪᠤᠭᠤᠯᠵᠤ᠂ ᠲᠡᠳᠡᠨ ᠤ ᠣᠯᠠᠨ ᠵᠢᠯ ᠤᠨ ᠲᠤᠷᠰᠢ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠪᠠ ᠬᠠᠷᠠᠮ ᠥᠬᠡᠶ ᠵᠣᠷᠢᠭᠤᠯᠬᠤ ᠵᠤᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ  ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠣᠰ ᠤᠳᠠᠭᠠᠨ ᠤ ᠶᠣᠰᠣᠯᠠᠯ ᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠵᠠᠩ ᠯᠦᠩ ᠡᠷᠭᠢᠯᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠨᠢᠭᠡ ᠲᠠᠩᠬᠢᠮ ᠳᠤ ᠴᠤᠭᠯᠠᠷᠠᠵᠤ᠂ ᠡᠨᠡ ᠬᠦ ᠮᠠᠷᠲᠠᠭᠳᠠᠰᠢ ᠥᠬᠡᠶ ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃      ᠶᠣᠰᠣᠯᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠱᠦᠵᠢ ᠮᠥᠩᠬᠡᠨᠷᠳᠡᠨᠢ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ 2024 ᠣᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠤ ᠣᠯᠠᠨ ᠵᠢᠯ ᠤᠨ ᠲᠤᠷᠰᠢ ᠪᠠᠭ᠎ᠠ ᠤᠩᠭᠤᠨ ᠰᠢᠶᠠᠩ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ   ᠨᠤᠳᠠᠯᠠᠨ ᠳᠡᠭᠡᠳᠦ ᠬᠡᠮᠵᠢᠶ᠎ᠡ ᠪᠠᠷ ᠦᠨᠡᠯᠡᠵᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠬᠡᠳᠦᠨ ᠠᠷᠪᠠᠨ ᠵᠢᠯ ᠢ ᠨᠢᠭᠡ ᠡᠳᠦᠷ ᠮᠡᠲᠦ ᠦᠨᠳᠦᠰᠦᠨ ᠱᠠᠲᠤᠨ ᠳᠤ ᠦᠨᠳᠦᠰᠦᠯᠡᠵᠦ᠂ ᠲᠡᠳᠡᠨ ᠤ ᠬᠦᠴᠦ ᠬᠥᠳᠡᠯᠮᠦᠷᠢ ᠨᠢ ᠪᠠᠭ᠎ᠠ ᠤᠩᠭᠤᠨ ᠰᠢᠶᠠᠩ ᠤᠨ ᠢᠮᠠᠬᠤ ᠭᠠᠵᠠᠷ ᠰᠢᠷᠣᠢ ᠶᠢ ᠬᠠᠮᠤᠷᠴᠤ᠂ ᠲᠡᠳᠡᠨ  ᠤ ᠬᠦᠴᠦ ᠬᠦᠯᠦᠰᠦ ᠨᠢ ᠠᠵᠢᠯ ᠲᠦᠷᠦᠯ ᠪᠦᠬᠦᠨ ᠳᠤ ᠠᠭᠤᠰᠴᠤ᠂ ᠲᠡᠳᠡ ᠪᠣᠯ ᠪᠠᠭ᠎ᠠ ᠤᠩᠭᠤᠨ ᠰᠢᠶᠠᠩ ᠤᠨ ᠬᠥᠭᠵᠢᠯᠲᠡ ᠶᠢᠨ ᠭᠡᠷᠡᠴᠢᠯᠡᠭᠴᠢ᠂ ᠣᠷᠣᠯᠴᠠᠭᠴᠢ ᠮᠥᠨ᠂ ᠨᠡᠩ ᠴᠤ ᠪᠦᠲᠦᠭᠡᠨ ᠪᠠᠶᠢᠭᠤᠯᠤᠭᠴᠢ ᠮᠥᠨ᠃ ᠲᠡᠳᠡᠨ ᠤ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠨᠢ  ᠪᠠᠭ᠎ᠠ ᠤᠩᠭᠤᠨ ᠰᠢᠶᠠᠩ ᠤᠨ ᠵᠠᠯᠠᠭᠤ ᠨᠢᠭᠡ ᠦᠶ᠎ᠡ ᠶᠢᠨ ᠺᠠᠳ᠋ᠷᠴᠤᠳ ᠤᠨ ᠡᠷᠡᠮᠡᠬᠡᠶᠢᠯᠡᠨ ᠤᠷᠤᠭᠰᠢᠯᠠᠬᠤ ᠶᠢ ᠡᠭᠦᠷᠢᠳᠡ ᠤᠷᠮᠠᠰᠢᠭᠤᠯᠤᠨ ᠵᠣᠷᠢᠭᠵᠢᠭᠤᠯᠬᠤ ᠪᠣᠯᠤᠨ᠎ᠠ᠃     ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠷᠧᠨ ᠰᠢᠶᠤᠤ ᠠᠵᠢᠯ ᠠᠴᠠ ᠪᠠᠨ ᠠᠮᠠᠷᠠᠭᠰᠠᠨ ᠲᠥᠷᠥᠭᠳᠡᠯ ᠢᠶᠠᠨ ᠢᠯᠡᠳᠬᠡᠵᠦ᠂ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠦᠨᠡᠨ ᠰᠡᠳᠬᠢᠯ ᠦᠨᠡᠨ ᠬᠠᠶᠢᠷ᠎ᠠ ᠪᠠᠷ ᠠᠵᠢᠯ ᠠᠴᠠ ᠪᠠᠨ ᠠᠮᠠᠷᠠᠭᠰᠠᠨ ᠶᠣᠰᠣᠯᠠᠯ ᠡᠷᠬᠢᠯᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠪᠠᠭ᠎ᠠ ᠤᠩᠭᠤᠨ ᠰᠢᠶᠠᠩ ᠳᠤ ᠠᠵᠢᠯᠯᠠᠵᠤ ᠪᠠᠶᠢᠭᠰᠠᠨ ᠤᠨ ᠵᠢᠯ ᠤᠳ ᠢᠶᠠᠨ ᠡᠷᠬᠢᠴᠡᠬᠦᠯᠦᠶ᠎ᠡ᠂ ᠬᠡᠳᠦ᠋ᠢᠪᠡᠷ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢᠶᠠᠷ ᠪᠢᠯᠬᠠᠭᠰᠠᠨ ᠪᠣᠯᠪᠠᠴᠤ ᠬᠥᠳᠡᠭᠡ ᠲᠣᠰᠬᠤᠨ ᠤ ᠳᠦᠷᠰᠦ ᠪᠠᠶᠢᠳᠠᠯ ᠡᠳᠦᠷ ᠢᠷᠡᠬᠦᠶ᠎ᠡ ᠰᠠᠶᠢᠵᠢᠷᠠᠨ᠂ ᠤᠯᠠᠨ ᠲᠦᠮᠡᠨ ᠤ ᠠᠮᠢᠳᠤᠷᠠᠯ ᠡᠳᠦᠷ ᠢᠷᠡᠬᠦᠶ᠎ᠡ ᠲᠡᠭᠡᠭᠰᠢᠯᠡᠵᠦ᠂ ᠰᠡᠳᠬᠢᠯ ᠳᠣᠲᠣᠷ᠎ᠠ ᠪᠠᠨ ᠲᠦᠢᠯ ᠢᠶᠠᠷ ᠪᠠᠶᠠᠷᠳᠠᠢ ᠪᠠᠶᠢᠨ᠎ᠠ᠂ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠵᠤ᠂ ︽ᠠᠵᠢᠯ ᠤᠨ ᠪᠠᠶᠢᠷᠢ ᠠᠴᠠ ᠪᠠᠨ  ᠰᠠᠯᠤᠭᠰᠠᠨ  ᠪᠤᠯᠪᠠᠴᠤ ᠨᠠᠮ ᠠᠴᠠ ᠰᠠᠯᠬᠤ ᠦᠭᠡᠢ᠂ ᠠᠵᠢᠯ ᠠᠴᠠ ᠪᠠᠨ  ᠠᠮᠠᠷᠠᠭᠰᠠᠨ ᠪᠤᠯᠪᠠᠴᠤ ᠥᠩᠭᠡ ᠵᠢᠰᠦ ᠪᠠᠭᠤᠷᠠᠬᠤ ᠦᠭᠡᠢ︾ ᠭᠡᠵᠦ ᠢᠯᠡᠳᠬᠡᠪᠡ᠃      ᠪᠠᠭ᠎ᠠ ᠤᠩᠭᠤᠨ ᠰᠢᠶᠠᠩ ᠤᠨ ᠬᠥᠭᠵᠢᠯᠲᠡ ᠶᠢᠨ ᠶᠠᠪᠤᠴᠠ ᠨᠢ ᠦᠶ᠎ᠡ ᠦᠶ᠎ᠡ ᠶᠢᠨ ᠪᠠᠭ᠎ᠠ ᠤᠩᠭᠤᠨ ᠰᠢᠶᠠᠩ ᠤᠨ ᠺᠠᠳ᠋ᠷ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠨᠢᠭᠲᠠᠷᠠᠭᠤᠯᠵᠤ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ  ᠦᠨᠡᠨ ᠰᠡᠳᠬᠢᠯ ᠦᠨᠡᠨ ᠬᠠᠶᠢᠷ᠎ᠠ  ᠪᠠᠷ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠮᠢᠳᠤᠷᠠᠯ ᠪᠣᠯᠤᠨ ᠡᠷᠡᠭᠦᠯ ᠮᠡᠨᠳᠦ ᠶᠢ ᠢᠮᠠᠭᠲᠠ ᠬᠠᠯᠠᠮᠵᠢᠯᠠᠬᠤ ᠶᠢᠨ ᠬᠠᠮᠲᠤ ᠵᠠᠯᠠᠭᠤ ᠺᠠᠳ᠋ᠷᠴᠤᠳ ᠤᠨ ᠦᠰᠦᠨ ᠪᠤᠶᠢᠵᠢᠬᠤ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠴᠤ᠂ ᠲᠡᠳᠡᠨ ᠳᠤ ︽ᠲᠠᠪᠴᠠᠩ ᠬᠠᠩᠭᠠᠬᠤ︾᠂ ︽ᠵᠠᠮ ᠳᠡᠪᠢᠰᠬᠦ︾᠂ ︽ᠡᠭᠦᠷᠭᠡ ᠲᠤᠰᠢᠶᠠᠬᠤ︾ ᠪᠣᠯᠤᠨ᠎ᠠ᠃ ᠠᠬᠠᠮᠠᠳ ᠺᠠᠳ᠋ᠷ ᠤᠨ ᠰᠢᠯᠢᠳᠡᠭ ᠰᠤᠷᠲᠠᠯ ᠪᠠ ᠰᠢᠯᠢᠳᠡᠭ ᠵᠠᠩ ᠴᠢᠨᠠᠷ ᠢᠶᠠᠷ ᠵᠠᠯᠠᠭᠤ ᠺᠠᠳ᠋ᠷᠴᠤᠳ ᠢ ᠵᠣᠷᠢᠭᠵᠢᠭᠤᠯᠵᠤ᠂ ︽ᠪᠣᠳᠠᠲᠠᠢ︾ ᠶᠢ ᠲᠡᠷᠢᠭᠦᠨ ᠳᠤ ᠲᠠᠯᠪᠢᠬᠤ᠂ ︽ᠠᠵᠢᠯᠯᠠᠬᠤ ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠡᠨᠡᠬᠦ ︽ᠴᠡᠷᠢᠭ ᠤᠨ ᠪᠣᠯᠪᠠᠰᠤᠷᠠᠯ ᠤᠨ ᠲᠠᠯᠠᠪᠤᠷ︾  ᠲᠤ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠨᠡᠩ ᠰᠠᠶᠢᠨ ᠰᠠᠶᠢᠬᠠᠨ ᠪᠠᠭ᠎ᠠ ᠤᠩᠭᠤᠨ ᠰᠢᠶᠠᠩ ᠢ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ︕
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号