ᠪᠥᠬᠦ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠦᠨ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ 2 ᠰᠠᠷ᠎ᠠ ᠶᠢᠨ 14 ᠤ ᠡᠳᠦᠷ᠂ ᠪᠤᠭᠤᠲᠤ | ᠬᠤᠲᠠ ᠪᠥᠬᠦ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠠᠶ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ | ᠱᠦᠵᠢ ᠭᠤᠤ ᠶᠢᠨ ᠮᠢᠩ ᠨᠡᠷ ᠰᠢ ᠾᠧ ᠰᠢᠶᠠᠩ ᠳᠤ ᠬᠦᠷᠴᠦ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠵᠢᠴᠢ ᠪᠣᠳᠠᠲᠤ ᠴᠣᠭᠴᠠᠵᠢᠭᠰᠠᠨ ᠠᠵᠢᠯᠯᠠᠭᠠᠨ ᠤ ᠪᠠᠶᠢᠳᠠᠯ ᠢ ᠵᠢᠯᠣᠭᠤᠳᠪᠠ᠂ | ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠰᠥᠸᠧ ᠪᠣᠣ ᠯᠢᠨ᠂ | ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ | ᠵᠠᠩ ᠵᠥᠩ ᠫᠢᠩ᠂ ᠰᠢ ᠾᠧ ᠰᠢᠶᠠᠩ ᠤᠨ ᠨᠠᠮ ᠤᠨ ᠬᠤᠷᠢᠶᠠᠨ ᠤ ᠱᠦᠵᠢ ᠰᠢᠵᠢᠷ᠂ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠩ ᠤᠨ ᠳᠠᠷᠤᠭ᠎ᠠ ᠸᠠᠩ ᠯᠸᠢ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠭᠡᠰᠢᠭᠦᠨ ᠯᠢ ᠮᠢᠩ ᠸᠠᠩ᠂ ᠰᠢ ᠾᠧ ᠲᠣᠮᠢᠯᠠᠭᠰᠠᠨ ᠰᠠᠯᠪᠤᠷᠢ ᠶᠢᠨ ᠳᠠᠷᠤᠭ᠎ᠠ ᠾᠧᠦ ᠬᠠᠶ ᠸᠠᠩ ᠵᠢᠴᠢ | ᠰᠢ ᠾᠧ ᠰᠢᠶᠠᠩ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠴᠠᠢ ᠷᠦᠢ ᠶᠢᠩ ᠪᠠᠷ᠎ᠠ ᠪᠣᠯᠪᠠ᠃ | ᠲᠤᠬᠠᠶ ᠶᠢᠨ ᠲᠠᠯᠠᠪᠠᠢ ᠶᠢᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠢ ᠾᠧ ᠰᠢᠶᠠᠩ ᠤᠨ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠵᠢᠴᠢ ᠪᠣᠳᠠᠲᠤ ᠴᠣᠭᠴᠠᠵᠢᠭᠰᠠᠨ ᠠᠵᠢᠯᠯᠠᠭᠠᠨ ᠤ | ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠰᠢ ᠾᠧ ᠰᠢᠶᠠᠩ ᠤᠨ | ᠶᠡᠷᠦᠩᠬᠡᠶᠢᠯᠡᠨ ᠵᠠᠰᠠᠬᠤ ᠲᠥᠪ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠣᠤᠷᠵᠢᠭᠤᠯᠤᠭᠰᠠᠨ | ᠬᠠᠮᠢᠶᠠᠷᠤᠯᠲᠠ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ | ᠨᠠᠷᠢᠨ ᠣᠶᠢᠯᠠᠭᠠᠬᠤ ᠶᠢᠨ ᠬᠠᠮᠲᠤ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠲᠤᠰᠬᠠᠶ ᠵᠠᠰᠠᠯᠲᠠ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠲᠣᠬᠢᠷᠠᠭᠤᠯᠤᠨ ᠣᠶᠢᠯᠠᠭᠠᠪᠠ᠃ ᠬᠤᠲᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠭᠤᠤ ᠶᠢᠨ ᠮᠢᠩ ᠠᠴᠠ ᠰᠢ ᠾᠧ ᠰᠢᠶᠠᠩ ᠤᠨ ᠶᠡᠷᠦᠩᠬᠡᠶᠢᠯᠡᠨ | ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠵᠢᠴᠢ ᠠᠵᠢᠯ ᠥᠷᠨᠢᠭᠦᠯᠦᠭᠰᠡᠨ ᠢ ᠨᠤᠲᠠᠯᠠᠬᠤ ᠶᠢᠨ ᠬᠠᠮᠲᠤ᠂ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶᠢᠯᠡᠨ ᠵᠠᠰᠠᠬᠤ ᠲᠥᠪ ᠪᠣᠯ | ᠦᠨᠳᠦᠰᠦᠨ ᠱᠠᠲᠤᠨ ᠤ ᠵᠠᠰᠠᠯᠲᠠ ᠶᠢᠨ ︽ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ︾ ᠪᠣᠯᠬᠤ ᠶᠢ ᠭᠦᠨᠵᠡᠭᠡᠶ | ᠲᠠᠨᠢᠵᠤ᠂ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ︽ᠬᠡᠯᠪᠡᠷᠢ︾ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ︽ᠪᠣᠳᠠᠲᠤ ᠳᠠᠶᠢᠨ ᠤ | ᠤᠳᠤᠷᠢᠳᠤᠮᠵᠢ︾ ᠶᠢ ᠪᠠᠷᠢᠮᠲᠠᠯᠠᠵᠤ᠂ ︽ᠫᠠᠶᠢᠰᠠ ᠡᠯᠭᠦᠬᠦ ᠶᠢ ᠴᠢᠬᠤᠯᠠᠴᠢᠯᠠᠵᠤ᠂ ᠠᠵᠢᠯᠯᠠᠭᠠᠨ ᠢ ᠬᠥᠩᠭᠡᠪᠴᠢᠯᠡᠬᠦ︾ | ᠦᠵᠡᠭᠳᠡᠯ ᠢ ᠡᠷᠡᠰ ᠬᠤᠷᠢᠭᠯᠠᠵᠤ᠂ ᠡᠬᠢ ᠪᠠᠶᠠᠯᠢᠭ ᠢ ᠲᠦᠷᠭᠡᠨ ᠨᠢᠭᠡᠳᠭᠡᠵᠦ᠂ ︽ᠨᠢᠭᠡ ᠴᠣᠩᠬᠤ ᠪᠠᠷ ᠭᠥᠯᠢᠶᠡᠨ | ᠠᠪᠴᠤ ᠰᠢᠢᠳᠪᠦᠷᠢᠯᠡᠬᠦ᠂ ᠣᠯᠠᠨ ᠡᠰᠢᠵᠢᠭᠦᠯᠦᠨ ᠬᠠᠮᠲᠤᠪᠠᠷ ᠵᠠᠰᠠᠬᠤ︾ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠰᠢ ᠾᠧ ᠰᠢᠶᠠᠩ ᠲᠤᠰ ᠤᠳᠠᠭᠠᠨ ᠤ ᠲᠤᠬᠠᠢ ᠶᠢᠨ ᠲᠠᠯᠠᠪᠠᠢ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ | ᠲᠡᠷᠢᠭᠦᠨ ᠤ ᠬᠢ ᠪᠠᠷ ᠪᠠᠷᠢᠮᠵᠢᠶᠠᠯᠠᠵᠤ᠂ ᠳᠤᠲᠠᠭᠤ ᠪᠠᠨ ᠪᠠᠶᠢᠴᠠᠭᠠᠨ ᠳᠤᠲᠠᠭᠤ ᠪᠠᠨ ᠨᠥᠬᠦᠪᠥᠷᠢᠯᠡᠵᠦ᠂ ᠶᠡᠷᠦᠩᠬᠡᠶᠢᠯᠡᠨ | ᠵᠠᠰᠠᠬᠤ ᠲᠥᠪ ᠤᠨ ︽ᠢᠯᠡ ᠪᠦᠷᠬᠦᠴᠡ︾ ᠠᠴᠠ ︽ᠪᠦᠲᠦᠮᠵᠢᠲᠡᠢ ᠠᠵᠢᠯᠯᠠᠬᠤ︾ ᠲᠡᠰᠢ ᠬᠤᠪᠢᠷᠠᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠠᠮᠤᠷ ᠠᠮᠤᠭᠤᠯᠠᠩ ᠲᠠᠷᠬᠠᠨ ᠮᠤᠤᠮᠢᠩᠭᠠᠨ ᠤ ᠪᠦᠳᠦᠭᠡᠨ ᠪᠠᠶᠢᠭᠤᠯᠤᠯᠲᠠ ᠳᠤ | ᠦᠨᠳᠦᠰᠦᠨ ᠱᠠᠲᠤᠨ ᠤ ᠰᠠᠭᠤᠷᠢ ᠶᠢ ᠪᠬᠢᠵᠢᠬᠦᠯᠦᠨᠡ᠃ |