ᠵᠢᠶᠠ ᠪᠦᠦ ᠯᠢᠶᠠᠩ ᠭᠤᠸᠠᠩᠳᠦ᠋ᠩ ᠮᠤᠵᠢ ᠳᠤ ᠬᠦᠷᠴᠦ ᠠᠷᠢᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/2/17
      2 ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠵᠤ᠂ ᠭᠤᠸᠠᠩᠳᠦ᠋ᠩ ᠤᠨ ᠨᠡᠭᠦᠷᠡᠰᠦᠲᠥ᠋ᠷᠥᠭᠴᠢ ᠡᠬᠦᠰᠭᠡᠭᠴᠢ ᠠᠮᠢᠳᠤ ᠪᠣᠳᠠᠰ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠯᠢ ᠰᠠᠢ ᠰᠢᠨ ︵ᠭᠤᠸᠠᠩᠳᠦ᠋ᠩ︶ ᠡᠮ  ᠦᠢᠯᠡᠳᠬᠦ ᠬᠢᠵᠠᠭᠠᠷᠲᠤ ᠺᠣᠮᠫᠠᠨᠢ ᠶᠢ ᠰᠤᠷᠪᠤᠯᠵᠢᠯᠠᠪᠠ᠃      ᠭᠤᠸᠠᠩᠳᠦ᠋ᠩ ᠤᠨ ᠨᠡᠭᠦᠷᠡᠰᠦᠳᠦ᠋ᠷᠦᠭᠴᠢ ᠡᠬᠦᠰᠭᠡᠭᠴᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠨᠡᠭᠦᠷᠡᠰᠦᠲᠦ᠋ᠷᠦᠭᠴᠢ ᠡᠬᠦᠰᠭᠡᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠶᠦᠨ ᠹᠦ᠋︶ ᠤᠨ ᠬᠢᠵᠠᠭᠠᠷᠲᠤ ᠺᠣᠮᠫᠠᠨᠢ ᠶᠢᠨ ᠭᠦ᠋ ᠯᠦᠩ ᠲᠠᠩ ᠲᠡᠵᠢᠭᠡᠨ ᠦᠷᠡᠵᠢᠭᠦᠯᠬᠦ  ᠲᠣᠭᠤᠷᠢᠭ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠾᠧ ᠬᠤᠩ ᠷᠦᠢ ᠬᠡᠷᠡᠭ ᠮᠡᠳᠡᠭᠴᠢᠳ ᠤᠨ ᠳᠠᠷᠤᠭ᠎ᠠ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠮᠥᠨ᠂ ᠣᠶᠢᠷ᠎ᠠ ᠶᠢᠨ ᠵᠢᠯ ᠳᠤ ᠪᠣᠷᠲᠣᠭᠤᠷ ᠤᠨ ᠠᠵᠤ ᠦᠢᠯᠡᠰ ᠢ ᠲᠠᠷᠢᠶᠠᠯᠠᠩ ᠮᠠᠯ ᠠᠵᠤ ᠠᠬᠤᠶ ᠶᠢᠨ ᠵᠢᠷᠭᠤᠭᠠᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠨᠢᠭᠡ ᠪᠣᠯᠭᠠᠵᠤ᠂ ᠪᠣᠬᠢᠷᠲᠤᠯ ᠥᠬᠡᠶ ᠲᠠᠷᠢᠶᠠᠯᠠᠩ ᠤᠨ ᠣᠷᠴᠢᠯ ᠠᠵᠤ ᠦᠢᠯᠡᠰ  ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃ ᠨᠡᠭᠦᠷᠡᠰᠦᠲᠥ᠋ᠷᠥᠭᠴᠢ ᠶᠢᠨ ᠢᠷᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠭᠠᠨᠢᠭ ᠪᠣᠷᠳᠣᠭᠤᠷ ᠢ ᠢᠰᠬᠡᠬᠦ ᠮᠡᠷᠭᠡᠵᠢᠯ ᠤᠨ ᠬᠤᠳᠠᠯᠳᠤᠭᠠᠴᠢᠯᠠᠬᠤ ᠵᠠᠭᠪᠤᠷ ᠪᠣᠯᠪᠠᠰᠤᠷᠠᠩᠭᠤᠶ᠂ ᠮᠠᠨ ᠤ ᠬᠤᠰᠢᠭᠤᠨ ᠤ ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠵᠡᠷᠭᠡ ᠰᠤᠯᠠ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠵᠤ᠂ ᠣᠯᠠᠨ ᠡᠬᠢᠲᠦ ᠪᠣᠬᠢᠷᠲᠤᠯ ᠤᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ᠂ ᠮᠠᠨ ᠤ ᠬᠤᠰᠢᠭᠤᠨ ᠤ ᠪᠣᠷᠳᠣᠭᠤᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠥᠷᠥᠯ ᠵᠦᠢᠯ ᠤᠨ ᠬᠠᠮᠲᠤᠷᠠᠯᠴᠠᠭᠠᠨ ᠤ ᠲᠥᠰᠦᠯ ᠢ ᠲᠦᠷᠭᠡᠨ ᠪᠦᠷᠢᠯᠳᠦᠭᠦᠯᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃      ᠯᠢ ᠰᠠᠢ ᠰᠢᠨ ︵ᠭᠤᠸᠠᠩᠳᠦ᠋ᠩ︶ ᠡᠮ  ᠦᠢᠯᠡᠳᠬᠦ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠶᠣᠣ ᠮᠢᠩ ᠬᠡᠷᠡᠭ ᠮᠡᠳᠡᠭᠴᠢᠳ ᠤᠨ ᠳᠠᠷᠤᠭ᠎ᠠ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠢᠯᠡᠷᠬᠡᠶᠢᠯᠡᠬᠦ ᠳᠡᠭᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠥᠨᠢ ᠤᠳᠠᠭᠠᠨ ᠲᠡᠦᠬᠡ ᠲᠠᠢ᠂ 8 ᠲᠦᠮᠡᠨ ᠠᠳᠤᠭᠤ ᠲᠡᠵᠢᠭᠡᠨ ᠦᠷᠡᠵᠢᠭᠦᠯᠵᠦ᠂ ᠠᠳᠤᠭᠤᠨ ᠤ ᠴᠢᠰᠤᠨ ᠴᠠᠶᠢᠪᠠᠩ ᠤᠨ ᠭᠠᠷᠤᠯᠲᠠ ᠨᠡᠯᠢᠶᠡᠳ ᠰᠠᠶᠢᠨ ᠪᠠᠶᠢᠵᠤ᠂ ᠣᠳᠣᠬᠠᠨ ᠳᠤ ᠶᠠᠭ ᠠᠳᠤᠭᠤᠨ ᠤ ᠴᠢᠰᠤᠨ ᠴᠠᠶᠢᠪᠠᠩ ᠢ ᠴᠤᠭᠯᠠᠭᠤᠯᠬᠤ ᠪᠠ ᠡᠳ᠋ᠰᠢᠭᠦᠯᠬᠦ ᠪᠠᠷ ᠭᠤᠣᠯ ᠪᠣᠯᠭᠠᠵᠤ᠂ ᠲᠡᠵᠢᠭᠡᠨ ᠦᠷᠡᠵᠢᠭᠦᠯᠬᠦ᠂ ᠴᠤᠭᠯᠠᠭᠤᠯᠬᠤ᠂  ᠡᠳ᠋ᠰᠢᠬᠦᠯᠬᠦ᠂ ᠪᠣᠷᠣᠯᠠᠭᠤᠯᠬᠤ ᠶᠢ ᠬᠠᠮᠤᠷᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ ᠪᠠᠶᠢᠨ᠎ᠠ᠃ ᠯᠢ ᠰᠠᠢ ᠰᠢᠨ ︵ᠭᠤᠸᠠᠩᠳᠦ᠋ᠩ︶ ᠡᠮ ᠦᠢᠯᠡᠳᠬᠦ ᠬᠢᠵᠠᠭᠠᠷᠲᠤ ᠺᠣᠮᠫᠠᠨᠢ ᠠᠮᠢᠳᠤ ᠪᠣᠳᠠᠰ ᠤᠨ ᠡᠮ ᠦᠢᠯᠡᠳᠬᠦ ᠬᠦᠷᠢᠶᠡᠨ ᠳᠠᠬᠢ ᠮᠡᠷᠭᠡᠵᠢᠯ ᠨᠢ ᠪᠣᠯᠪᠠᠰᠤᠷᠠᠩᠭᠤᠶ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠪᠠᠶᠠᠯᠢᠭ ᠪᠠᠶᠢᠵᠤ᠂ ᠮᠠᠨ ᠤ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠲᠠᠢ ᠬᠤᠯᠪᠣᠭᠳᠠᠬᠤ ᠬᠡᠮᠵᠢᠶ᠎ᠡ ᠪᠠᠷ ᠨᠡᠯᠢᠶᠡᠳ ᠥᠨᠳᠥᠷ ᠪᠠᠶᠢᠨ᠎ᠠ᠃ ᠠᠵᠤ ᠠᠬᠤᠶᠢᠯᠠᠯ  ᠢ ᠮᠠᠨ ᠤ ᠬᠤᠰᠢᠭᠤᠨ ᠤ ᠲᠤᠬᠠᠶ ᠶᠢᠨ ᠭᠠᠵᠠᠷ ᠲᠤᠨᠢ ᠤᠴᠢᠵᠤ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭ᠎ᠠ ᠬᠢᠵᠦ᠂ ᠭᠠᠷ  ᠬᠤᠯᠪᠤᠯᠴᠠᠨ ᠠᠳᠤᠭᠤᠨ ᠤ ᠠᠵᠤ ᠦᠢᠯᠡᠰ ᠢ  ᠮᠠᠨ ᠤ ᠬᠤᠰᠢᠭᠤᠨ ᠤ ᠰᠢᠨ᠎ᠡ ᠠᠵᠤ ᠠᠬᠤᠶ ᠶᠢᠨ ᠨᠡᠮᠡᠭᠳᠡᠯ ᠤᠨ ᠴᠡᠭ ᠪᠣᠯᠭᠠᠨ ᠪᠤᠶᠢᠵᠢᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃     ᠬᠤᠰᠢᠭᠤᠨ ᠤ ᠤᠳᠤᠷᠢᠳᠤᠯᠭ᠎ᠠ ᠴᠠᠩ ᠬᠤᠩ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠮᠢᠩ ᠱᠧᠩ ᠲᠠᠷᠢᠶᠠᠯᠠᠩ ᠮᠠᠯ ᠠᠵᠤ ᠠᠬᠤᠶ ᠶᠢᠨ ᠺᠣᠮᠫᠠᠨᠢ᠂ ᠠᠳᠤᠭᠤᠨ ᠤ ᠠᠵᠤ ᠦᠢᠯᠡᠰ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号