ᠲᠦᠷᠦᠭᠦᠬᠡᠨ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠠᠴᠠ ᠮᠠᠨ ᠤ ᠬᠤᠰᠢᠭᠤᠨ ᠳᠤ 2025 ᠣᠨ ᠳᠤ ᠲᠥᠪ ᠠᠴᠠ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠳᠤ 600 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ ᠥᠷᠭᠡᠨ ᠣᠯᠠᠨ | ᠮᠠᠯᠴᠢᠨ ᠲᠠᠷᠢᠶᠠᠴᠢᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠴᠤ | ᠬᠡᠷᠡᠭᠯᠡᠬᠦ ᠶᠢ ᠳᠡᠮᠵᠢᠵᠦ᠂ ᠲᠠᠷᠢᠶᠠᠯᠠᠩ ᠤᠨ ᠮᠠᠰᠢᠨ ᠤ ᠰᠤᠳᠤᠯᠤᠨ ᠦᠢᠯᠡᠳᠪᠦᠷᠢᠯᠡᠬᠦ ᠲᠠᠨᠢᠯᠴᠠᠭᠤᠯᠬᠤ ᠬᠡᠷᠡᠭᠯᠡᠬᠦ ᠶᠢ | ᠪᠥᠬᠦ ᠬᠡᠯᠬᠢᠶ᠎ᠡ ᠪᠠᠷ ᠬᠠᠮᠵᠢᠯᠴᠠᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠪᠥᠬᠦ ᠶᠠᠪᠤᠴᠠ ᠳᠤ ᠪᠥᠬᠦ ᠲᠠᠯ᠎ᠠ ᠪᠠᠷ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ | ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠭᠦ ᠬᠤᠷᠢᠭ᠎ᠠ ᠱᠤᠭᠤᠮ ᠢ ᠪᠠᠲᠤ ᠰᠠᠬᠢᠵᠤ᠂ ᠮᠠᠯᠵᠢᠬᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ | ᠱᠠᠭᠠᠷᠳᠠᠯᠭ᠎ᠠ ᠶᠣᠰᠣᠭᠠᠷ᠂ 2025 ᠣᠨ ᠳᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ | ᠬᠡᠷᠡᠭᠯᠡᠬᠦ ᠳᠤ ᠨᠥᠬᠦᠪᠥᠷᠢ ᠥᠭᠬᠦ ᠠᠵᠢᠯ ᠢ ᠨᠢᠭᠡᠨᠲᠡ ᠪᠥᠬᠦ ᠲᠠᠯ᠎ᠠ ᠪᠠᠷ ᠥᠷᠨᠢᠭᠦᠯᠵᠦ᠂ ᠥᠷᠭᠡᠨ ᠣᠯᠠᠨ ᠮᠠᠯᠴᠢᠨ | ᠲᠠᠷᠢᠶᠠᠴᠢᠨ ᠪᠠ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ | ᠮᠠᠰᠢᠨ ᠬᠤᠳᠠᠯᠳᠤᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ ᠨᠥᠬᠦᠪᠥᠷᠢ ᠠᠪᠬᠤ ᠪᠠᠷ ᠮᠡᠳᠡᠭᠦᠯᠬᠦ ᠶᠢ ᠬᠦᠰᠡᠵᠦ | ᠪᠠᠶᠢᠨ᠎ᠠ᠃ | ᠨᠥᠬᠦᠪᠥᠷᠢ ᠭᠤᠶᠤᠴᠢᠯᠠᠬᠤ ᠬᠠᠶ᠋ᠢᠭ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ 112 ᠲᠠᠰᠤᠭ | ᠨᠦᠬᠦᠪᠦᠷᠢ ᠭᠤᠶᠤᠴᠢᠯᠠᠬᠤ ᠤᠳᠠᠰᠤ᠄ 15124754846 | ᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 - 2026 ᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠶᠢᠨ ᠬᠡᠷᠡᠭᠵᠢᠭᠦᠯᠬᠦ ᠲᠥᠰᠦᠯ᠂ pdf | ᠳᠠᠭᠠᠯᠳᠤᠭᠤᠯᠤᠯ 2᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024-2026 ᠣᠨ ᠤ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠶᠢᠨ ᠮᠠᠰᠢᠨ ᠬᠡᠷᠡᠭᠰᠡᠯ ᠤᠨ | ᠨᠥᠬᠦᠪᠥᠷᠢ ᠶᠢᠨ ᠲᠤᠭ᠎ᠠ ᠶᠢᠨ ᠨᠠᠷᠢᠨ ᠬᠦᠰᠦᠨᠦᠭᠲᠦ ᠶᠢᠨ ᠠᠯᠪᠠᠨ ᠵᠠᠷ ᠤᠨ ᠡᠬᠡ ᠪᠢᠴᠢᠭ ︵ᠨᠢᠭᠡᠳᠦᠭᠡᠷ ᠪᠦᠯᠦᠭ︶ ︽ | ᠢᠯᠡ ᠪᠣᠯᠭᠠᠬᠤ︾᠂ xlsx | | | | 贴额一览表公告稿(第一批)【公开】.xlsx | | | | | | 案 .pdf | |