ᠠᠭᠤᠯᠠ ᠶᠢ ᠲᠦᠰᠢᠭᠰᠡᠨ ᠵᠢᠮᠢᠰ ᠤᠨ ᠬᠦᠷᠢᠶᠡᠯᠡᠩ ᠠᠴᠠ ᠪᠠᠷᠰᠠᠤᠲᠤ ᠵᠦᠷᠵᠢ ᠶᠢᠨ ᠦᠨᠦᠷ ᠬᠠᠨᠭ᠍ᠭᠢᠯᠤᠨ᠎ᠠ‌‍ᠰᠤᠷᠪᠤᠯᠵᠢᠯᠠᠭᠴᠢ ᠸᠠᠩ ᠰᠢᠨ ᠶᠤᠸᠠᠢ
ᠨᠡᠶᠢᠲᠡᠯᠡᠭᠰᠡᠨ ᠴᠠᠭ᠄
2025/2/18
      ᠭᠤᠷᠪᠠᠨ ᠬᠠᠪᠴᠢᠯ ᠤᠨ ᠴᠥᠭᠦᠷᠥᠮ ᠤᠨ ᠭᠤᠣᠯ ᠤᠷᠤᠨ ᠳᠤ ᠪᠠᠷᠰᠠᠤᠲᠤ ᠵᠦᠷᠵᠢ ᠶᠢᠨ ᠦᠨᠦᠷ ᠬᠠᠨᠭ᠍ᠬᠢᠯᠤᠨ᠎ᠠ᠃      ︽ᠭᠠᠷᠤᠯᠲᠠ᠂ ᠦᠢᠯᠡᠳᠬᠦᠨ ᠤ ᠦᠷᠳᠡᠭ ᠤᠨ ︿ᠬᠤᠣᠰ ᠡᠯᠪᠡᠭ ᠬᠤᠷᠢᠶᠠᠯᠲᠠ﹀ ᠶᠢ ᠤᠯᠵᠠᠢ︕︾ ᠭᠡᠵᠦ ᠴᠦᠩᠴᠢᠩ ᠬᠤᠲᠠ ᠶᠢᠨ ᠵᠥᠩ ᠰᠢᠶᠠᠨ ᠤ ᠵᠢᠮᠢᠰ ᠤᠨ ᠤᠶᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠰᠢᠶᠦ᠋ᠩ ᠴᠠᠩ ᠴᠦᠨ ᠬᠡᠯᠡᠭᠰᠡᠨ ᠢᠶᠠᠨ ᠵᠠᠯᠭᠠᠭᠠᠳ᠄ ︽2024 ᠣᠨ ᠳᠤ ᠪᠥᠬᠦ ᠰᠢᠶᠠᠨ ᠤ ᠪᠠᠷᠰᠠᠤᠲᠤ ᠵᠦᠷᠵᠢ ᠶᠢᠨ ᠭᠠᠷᠤᠯᠲᠠ 50 ᠲᠦᠮᠡᠨ ᠲᠣᠨ ᠳᠤ ᠬᠦᠷᠴᠦ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ 65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ ᠲᠣᠰ ᠲᠣᠰ 11.1%᠂ 30% ᠪᠠᠷ ᠨᠡᠮᠡᠭᠳᠡᠵᠡᠢ︾ ᠭᠡᠵᠦ ᠬᠡᠯᠡᠨ᠎ᠡ᠃      ᠵᠦᠩ ᠰᠢᠶᠠᠨ ᠨᠢ 2000 ᠭᠠᠷᠤᠶ ᠵᠢᠯ ᠤᠨ ᠪᠠᠷᠰᠠᠤᠲᠤ ᠵᠦᠷᠵᠢ ᠲᠠᠷᠢᠬᠰᠠᠨ ᠲᠡᠦᠬᠡ ᠲᠠᠢ ᠶᠤᠮ᠂ ᠭᠡᠪᠡᠴᠦ ᠨᠢᠭᠡ ᠦᠶ᠎ᠡ ᠲᠥᠷᠥᠯ ᠵᠤᠶᠢᠯ ᠨᠢ ᠳᠠᠩ ᠴᠤᠯᠭᠤᠶ᠂ ᠮᠡᠷᠭᠡᠵᠢᠯ ᠨᠢ ᠬᠤᠴᠣᠷᠤᠩᠭᠤᠶ᠂ ᠵᠠᠬ᠎ᠠ ᠳᠡᠯᠭᠡᠭᠦᠷᠴᠢᠯᠡᠯᠲᠡ ᠨᠢ ᠬᠦᠷᠦᠯᠴᠡᠬᠦ ᠦᠭᠡᠢ ᠠᠰᠠᠭᠤᠳᠠᠯ ᠳᠤ ᠲᠤᠯᠭᠠᠷᠠᠵᠦ ᠪᠠᠶᠢᠵᠠᠶ᠃      ᠣᠶᠢᠷ᠎ᠠ ᠶᠢᠨ ᠵᠢᠯ ᠠᠴᠠ ᠨᠠᠭᠠᠰᠢ᠂ ᠵᠦᠩ ᠰᠢᠶᠠᠨ ᠨᠢ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠠᠷᠰᠠᠤᠲᠤ ᠵᠦᠷᠵᠢ ᠶᠢᠨ ᠠᠵᠤ ᠤᠶᠢᠯᠡᠰ ᠤᠨ ᠬᠥᠭᠵᠢᠯᠲᠡ ᠶᠢ ᠵᠠᠬ᠎ᠠ ᠳᠡᠯᠭᠡᠭᠦᠷᠴᠢᠯᠡᠬᠦ᠂ ᠬᠡᠪᠴᠢᠶᠡᠵᠢᠭᠦᠯᠬᠦ ᠶᠢ ᠶᠡᠭᠡ ᠪᠠᠷ ᠠᠬᠢᠭᠤᠯᠵᠤ᠂ 20 ᠭᠠᠷᠤᠶ ᠲᠦᠮᠡᠨ ᠵᠢᠮᠢᠰ ᠤᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠪᠦᠲᠦᠮᠵᠢᠲᠡᠶ ᠳᠠᠶᠢᠴᠢᠯᠠᠬᠰᠠᠨ ᠪᠠᠶᠢᠨ᠎ᠠ᠃2024 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ᠄ ︽ᠠᠭᠤᠯᠠ ᠶᠢ ᠲᠦᠰᠢᠭᠰᠡᠨ ᠲᠠᠪᠠᠭᠤᠯᠢᠭ ᠢᠶᠠᠨ ᠠᠰᠢᠬᠯᠠᠨ ᠠᠮᠢ ᠠᠬᠤᠢ ᠶᠢᠨ ᠤᠨᠴᠠᠯᠢᠬᠳᠤ ᠲᠠᠷᠢᠶᠠᠯᠠᠩ ᠢ ᠬᠥᠭᠵᠢᠭᠦᠯᠬᠦ ᠬᠡᠷᠡᠭᠳᠡᠢ︾ ᠭᠡᠵᠦ ᠴᠢᠬᠤᠯᠠᠴᠢᠯᠠᠪᠠ᠃ᠵᠦᠩ ᠰᠢᠶᠠᠨ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠠᠷᠰᠠᠤᠲᠤ ᠵᠦᠷᠵᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠮᠡᠯᠲᠡ ᠦᠷᠲᠡᠭ᠂ ᠦᠷᠢᠰᠦᠯᠳᠦᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠡᠢ᠃ᠪᠠᠷᠢᠮᠵᠢᠶ᠎ᠠ ᠨᠢ ᠨᠠᠩ ᠨᠠᠷᠢᠯᠢᠭ ᠪᠤᠯᠪᠠ᠃ ᠴᠦᠩᠴᠢᠩ ︵ᠵᠥᠩ ᠰᠢᠶᠠᠨ︶ ᠤᠨ ᠣᠲᠣ ᠦᠶ᠎ᠡ ᠶᠢᠨ ᠲᠠᠷᠢᠶᠠᠯᠠᠩ ᠤᠨ ᠪᠠᠷᠰᠠᠤᠲᠤ ᠵᠦᠷᠵᠢ ᠶᠢᠨ ᠠᠵᠤ ᠤᠶᠢᠯᠡᠰ ᠤᠨ ᠬᠦᠷᠢᠶᠡᠯᠡᠩ ᠤᠨ ᠵᠦᠷᠵᠢ ᠶᠢ ᠲᠦᠷᠦᠯ ᠬᠤᠪᠢᠶᠠᠨ ᠢᠯᠭᠠᠬᠤ ᠤᠶᠢᠯᠡᠳᠪᠦᠷᠢ ᠶᠢᠨ ᠲᠠᠰᠤᠭ ᠲᠤ ᠤᠷᠤᠬᠤ ᠳᠤ ᠵᠥᠪᠬᠡᠨ ᠠᠯᠲᠠᠨ ᠰᠢᠷᠭᠠᠯ ᠥᠩᠭᠡ ᠲᠠᠢ ᠪᠠᠷᠰᠠᠤᠲᠤ ᠵᠦᠷᠵᠢ 42 ᠠᠮᠰᠠᠷ ᠢᠶᠠᠷ ᠴᠤᠪᠤᠷᠠᠨ ᠭᠠᠷᠬᠤ ᠬᠠᠷᠠᠬᠳᠠᠵᠤ ᠪᠠᠶᠢᠯ᠎ᠠ᠃ ︽ᠲᠦᠷᠦᠯ ᠬᠤᠪᠢᠶᠠᠨ ᠢᠯᠭᠠᠬᠤ ᠱᠤᠭᠤᠮ ᠨᠢ ᠶᠡᠭᠡ ᠪᠠᠭ᠎ᠠ᠂ ᠬᠦᠨᠳᠦᠴᠡ ᠪᠠᠷ ᠨᠢ ᠪᠠᠷᠰᠠᠤᠲᠤ ᠵᠦᠷᠵᠢ ᠶᠢ ᠢᠯᠭᠠᠳᠠᠭ  ᠢᠶᠠᠷ ᠪᠠᠷᠠᠬᠤ ᠥᠬᠡᠶ᠂ ᠪᠠᠰᠠ ᠤᠰᠤ᠂ ᠰᠢᠬᠢᠷ ᠬᠦᠴᠢᠯ ᠤᠨ ᠬᠠᠷᠢᠴᠠᠯ᠂ ᠭᠠᠳᠠᠷ ᠲᠠᠯ᠎ᠠ ᠶᠢᠨ ᠥ ᠰᠠᠪ ᠵᠡᠷᠭᠡ ᠪᠠᠷ  ᠨᠢ ᠪᠠᠷᠢᠮᠵᠢᠶ᠎ᠠ ᠪᠤᠯᠭᠠᠨ ᠣᠨᠣᠪᠴᠢᠲᠠᠶ ᠲᠥᠷᠥᠯ ᠬᠤᠪᠢᠶᠠᠵᠤ ᠪᠠᠶᠢᠳᠠᠭ︾ ᠭᠡᠵᠦ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠴᠧᠩ ᠪᠢᠶᠤᠤ ᠬᠡᠯᠡᠪᠡ᠃      ᠵᠢᠮᠢᠰ ᠤᠨ ᠰᠢᠨ᠎ᠡ ᠰᠣᠷᠭᠤᠭ ᠴᠢᠨᠠᠷ ᠢ ᠬᠠᠳᠠᠭᠠᠯᠠᠪᠡ᠃ ︽ᠪᠠᠷᠰᠠᠤᠲᠤ ᠵᠦᠷᠵᠢ ᠵᠠᠬ᠎ᠠ ᠳᠡᠯᠭᠡᠭᠦᠷ ᠲᠤ ᠭᠠᠷᠴᠤ᠂ ᠵᠠᠬ᠎ᠠ ᠳᠡᠯᠭᠡᠭᠦᠷ ᠠᠴᠠ ᠪᠠᠭᠤᠬᠤ ᠪᠣᠯ ᠠᠵᠢᠯ ᠲᠦᠷᠦᠯ ᠤᠨ ᠡᠪᠡᠷᠰᠢᠶᠡᠯ ᠴᠡᠭ ᠪᠣᠯᠬᠤ ᠪᠥᠭᠡᠳ ᠠᠵᠤ ᠦᠢᠯᠡᠰ ᠤᠨ ᠬᠥᠭᠵᠢᠯᠲᠡ ᠶᠢᠨ ᠬᠦᠴᠦᠯᠡᠬᠦ ᠴᠡᠭ ᠪᠣᠯᠤᠨ᠎ᠠ︾ ᠭᠡᠵᠦ ᠰᠢᠶᠦ᠋ᠩ ᠴᠠᠩ ᠴᠦᠨ ᠬᠡᠯᠡᠭᠰᠡᠨ ᠢᠶᠠᠨ ᠵᠠᠯᠭᠠᠭᠠᠳ᠂ ᠵᠥᠩ ᠰᠢᠶᠠᠨ ᠣᠲᠣ ᠶᠠᠭ 50 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠦᠢᠲᠡᠨ ᠬᠥᠮᠥᠷᠭᠡ ᠪᠠᠶᠢᠭᠤᠯᠵᠤ ᠪᠠᠶᠢᠨ᠎ᠠ᠂ ᠵᠢᠯ ᠤᠨ ᠳᠥᠷᠪᠡᠨ ᠤᠯᠠᠷᠢᠯ ᠳᠤ ᠴᠥᠮ ᠰᠢᠨ᠎ᠡ ᠰᠣᠷᠭᠤᠭ ᠵᠢᠮᠢᠰ ᠬᠤᠳᠠᠯᠳᠤᠬᠤ ᠪᠠᠷ ᠴᠢᠷᠮᠠᠶᠢᠨ᠎ᠠ ᠭᠡᠵᠦ ᠬᠡᠯᠡᠯ᠎ᠡ᠃ᠵᠢᠮᠢᠰ ᠤᠨ ᠤᠶᠢᠯᠡᠳᠬᠦᠨ ᠢ ᠨᠠᠷᠢᠯᠢᠭ ᠡᠳ᠋ᠰᠢᠭᠦᠯᠬᠦ ᠠᠵᠢᠯ ᠢ ᠴᠢᠩᠭᠠᠳᠬᠠᠵᠤ᠂ ᠵᠢᠵᠢᠭ ᠪᠠᠷᠰᠠᠤᠲᠤ ᠵᠦᠷᠵᠢ ᠶᠢ ᠰᠠᠶᠢᠨ ᠦᠨ᠎ᠡ ᠪᠠᠷ ᠬᠤᠳᠠᠯᠳᠤᠪᠡ᠃ᠴᠦᠩᠴᠢᠩ ᠤᠨ ᠫᠠᠢ ᠰᠧᠨ ᠪᠠᠢ ᠵᠢᠮᠢᠰ ᠤᠨ ᠰᠢᠭᠦᠰᠦ ᠶᠢᠨ ᠬᠢᠵᠠᠭᠠᠷᠲᠤ ᠺᠣᠮᠫᠠᠨᠢ ᠶᠢᠨ ᠤᠶᠢᠯᠡᠳᠪᠦᠷᠢᠯᠡᠯ ᠤᠨ ᠲᠠᠰᠤᠭ ᠲᠤ᠂ ᠰᠢᠨ᠎ᠡ ᠰᠣᠷᠭᠤᠭ ᠵᠢᠮᠢᠰ ᠢ ᠤᠷᠢᠳᠴᠢᠯᠠᠨ ᠤᠬᠢᠶᠠᠬᠤ᠂ ᠳᠠᠬᠢᠨ ᠤᠬᠢᠶᠠᠬᠤ᠂ ᠬᠥᠮᠦᠨ ᠤ ᠬᠦᠴᠦ ᠪᠠᠷ ᠰᠢᠭᠰᠢᠨ ᠪᠠᠶᠢᠴᠠᠭᠠᠬᠤ᠂ ᠰᠢᠭᠦᠰᠦ ᠰᠢᠬᠠᠬᠤ ᠵᠡᠷᠭᠡ ᠭᠤᠭᠴᠤᠭ᠎ᠠ ᠪᠠᠷ ᠳᠡᠮᠵᠢᠨ ᠠᠭᠰᠢᠭᠠᠮᠠᠯ ᠰᠢᠭᠦᠰᠦ ᠪᠤᠶᠤ ᠰᠢᠨ᠎ᠡ ᠰᠣᠷᠭᠤᠭ ᠵᠦᠷᠵᠢ ᠶᠢᠨ ᠰᠢᠭᠦᠰᠦ ᠶᠢ ᠬᠢᠵᠦ ᠭᠠᠷᠭᠠᠵᠦ ᠪᠠᠶᠢᠨ᠎ᠠ᠃ ︽ᠮᠠᠨ ᠤ ᠤᠶᠢᠯᠡᠳᠬᠦᠨ ᠢᠶᠠᠨ ᠨᠢᠭᠡᠨᠲᠡ 10 ᠭᠠᠷᠤᠶ ᠤᠯᠤᠰ ᠲᠤ ᠭᠠᠷᠭᠠᠪᠠ᠂ ᠡᠨᠡ ᠵᠢᠯ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠵᠠᠩᠭᠢᠯᠠᠭ᠎ᠠ ᠶᠢᠨ ᠲᠥᠬᠦᠭᠡᠷᠦᠮᠵᠢ ᠶᠢ ᠥᠭᠡᠷᠡᠴᠢᠯᠡᠵᠦ᠂ ᠭᠠᠷᠤᠯᠲᠠ ᠶᠢ ᠶᠡᠭᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ︾ ᠭᠡᠵᠦ ᠦᠢᠯᠡᠳᠪᠦᠷᠢ ᠶᠢᠨ ᠲᠠᠰᠤᠭ ᠤᠨ ᠬᠠᠷᠢᠭᠤᠴᠠᠯᠭᠠᠲᠠᠨ ᠶᠠᠨ ᠴᠤᠤ ᠼᠦᠩ ᠬᠡᠯᠡᠪᠡ᠃ᠪᠠᠷᠰᠠᠤᠲᠤ ᠵᠦᠷᠵᠢ ᠶᠢ ︽ᠰᠠᠶᠢᠳᠤᠷ ᠰᠢᠬᠠᠬᠤ︾ ᠶᠢᠨ ᠲᠦᠯᠦᠭᠡ ᠵᠦᠩ ᠰᠢᠶᠠᠨ ᠨᠢ 3000 ᠲᠦᠮᠡᠨ ᠲᠥᠭᠦᠷᠢᠭ ᠤᠨ ᠪᠡᠯᠡ ᠣᠷᠣᠭᠤᠯᠤᠨ ᠪᠠᠷᠰᠠᠤᠲᠤ ᠵᠦᠷᠵᠢ ᠶᠢᠨ ᠬᠠᠯᠢᠰᠦ ᠶᠢ ᠠᠰᠢᠭᠯᠠᠨ ᠡᠳ᠋ᠰᠢᠭᠦᠯᠬᠦ ᠣᠳᠣᠬᠢᠴᠢᠯᠠᠭᠰᠠᠨ ᠦᠢᠯᠡᠳᠪᠦᠷᠢ ᠶᠢ ᠪᠠᠶᠢᠭᠤᠯᠵᠤ᠂ ᠪᠠᠷᠰᠠᠤᠲᠤ ᠵᠦᠷᠵᠢ ᠶᠢᠨ ᠬᠠᠯᠢᠰᠦ ᠶᠢ ᠵᠦᠷᠵᠢ ᠶᠢᠨ ᠬᠠᠯᠢᠰᠤᠨ ᠭᠡᠷᠡᠴᠢᠮᠡᠯ᠂ ᠠᠩᠬᠢᠯᠤᠮ᠎ᠠ ᠲᠤᠰᠤ᠂ ᠮᠠᠯ ᠠᠵᠤ ᠠᠬᠤᠢ ᠶᠢᠨ ᠲᠡᠵᠢᠭᠡᠯ ᠪᠣᠷᠳᠤᠭ᠎ᠠ ᠵᠡᠷᠭᠡ ︽ᠪᠤᠯᠢᠶᠠᠯᠳᠤᠨ ᠬᠤᠳᠠᠯᠳᠤᠵᠤ ᠠᠪᠬᠤ ᠪᠠᠷᠠᠭ᠎ᠠ︾ ᠪᠤᠯᠭᠠᠨ ᠬᠤᠪᠢᠷᠠᠭᠤᠯᠵᠠᠢ᠃ᠬᠦᠳᠡᠯᠦᠨ ᠬᠤᠪᠢᠷᠠᠭᠤᠯᠵᠤ ᠪᠠᠶᠢᠭ᠎ᠠ ᠲᠤᠭ᠎ᠠ ᠪᠠᠷᠢᠮᠲᠠ ᠶᠢ ᠬᠠᠷᠠᠵᠤ ᠪᠠᠶᠢᠳᠠᠯ᠎ᠠ᠂ ᠪᠠᠰᠠ ᠨᠢᠭᠡᠨ ᠵᠦᠷᠵᠢ ᠶᠢᠨ ᠶᠡᠭᠡ ᠬᠡᠮᠵᠢᠶᠡᠨ ᠤ ᠠᠷᠠᠯᠵᠢᠶ᠎ᠠ — 75 ᠲᠣᠨ ᠰᠣᠷᠭᠤᠭ ᠵᠢᠮᠢᠰ ᠤᠳᠠᠯ ᠥᠬᠡᠶ ᠵᠥᠩ ᠰᠢᠶᠠᠨ ᠠᠴᠠ ᠬᠤᠨᠠᠨ ᠳᠤ ᠬᠥᠷᠬᠦ ᠠᠷᠠᠯᠵᠢᠶ᠎ᠠ ᠪᠦᠳᠦᠭᠰᠡᠨ ᠪᠠᠶᠢᠨ᠎ᠠ᠃      ᠴᠦᠩᠴᠢᠩ ᠤᠨ ᠰᠠᠨ ᠰᠢᠶᠠ ᠵᠦᠷᠵᠢ ᠶᠢᠨ ᠠᠷᠠᠯᠵᠢᠶᠠᠨ ᠤ ᠲᠥᠪ ᠤᠨ ᠲᠤᠮᠤ ᠳᠡᠯᠭᠡᠴᠡ ᠳᠡᠭᠡᠷ᠎ᠡ ᠠᠷᠠᠯᠵᠢᠶ᠎ᠠ ᠪᠦᠲᠦᠭᠰᠡᠨ ᠪᠠᠶᠢᠳᠠᠯ᠂ ᠦᠨ᠎ᠡ ᠬᠠᠩᠰᠢ ᠶᠢᠨ ᠪᠠᠶᠢᠳᠠᠯ ᠵᠡᠷᠭᠡ ᠲᠤᠬᠠᠢ ᠶᠢᠨ ᠴᠠᠭ ᠤᠨ ᠲᠤᠭ᠎ᠠ ᠪᠠᠷᠢᠮᠲᠠ ᠲᠣᠪ ᠲᠣᠳᠣᠷᠬᠠᠢ ᠬᠠᠷᠠᠬᠳᠠᠨ᠎ᠠ᠃ ︽ᠲᠠᠪᠴᠠᠩ ᠨᠢᠭᠡᠨᠲᠡ 213 ᠵᠠᠬᠢᠶᠠᠯᠠᠭ᠎ᠠ ᠶᠢ ᠠᠮᠵᠢᠯᠲᠠ ᠲᠠᠢ ᠪᠡᠶᠡᠯᠡᠭᠦᠯᠪᠡ︾ ᠭᠡᠵᠦ ᠴᠦᠩᠴᠢᠩ ᠤᠨ ᠰᠠᠨ ᠰᠢᠶᠠ ᠵᠦᠷᠵᠢ ᠶᠢᠨ ᠠᠷᠠᠯᠵᠢᠶᠠᠨ ᠤ ᠲᠥᠪ ᠤᠨ ᠠᠵᠤ ᠤᠶᠢᠯᠡᠰ ᠤᠨ ᠬᠡᠯᠳᠡᠰ ᠤᠨ ᠳᠡᠳ᠋ ᠲᠠᠷᠤᠭ᠎ᠠ ᠹᠦ᠋ ᠪᠢᠨ ᠬᠡᠯᠡᠭᠰᠡᠨ ᠢᠶᠠᠨ ᠵᠠᠯᠭᠠᠭᠠᠳ᠂ ᠰᠦᠯᠵᠢᠶᠡᠨ ᠳᠡᠭᠡᠷᠡᠬᠢ ᠲᠠᠪᠴᠠᠩ ᠤᠯᠠᠮᠵᠢᠯᠠᠯᠲᠤ ᠭᠦᠶᠯᠭᠡᠭᠡᠨ ᠤ ᠠᠷᠭ᠎ᠠ ᠵᠠᠮ ᠪᠠ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠠᠷᠠᠯᠵᠢᠶ᠎ᠠ ᠶᠢ ᠨᠠᠩ ᠥᠨᠳᠥᠷ ᠪᠦᠲᠦᠮᠵᠢᠲᠡᠶ ᠳᠥᠭᠦᠮ ᠳᠥᠲᠡ ᠪᠣᠯᠭᠠᠵᠠᠢ ᠭᠡᠵᠦ ᠬᠡᠯᠡᠪᠡ᠃ᠪᠠᠷᠰᠠᠤᠲᠤ ᠵᠦᠷᠵᠢ ᠶᠢᠨ ᠲᠦᠷᠦᠯ ᠲᠡᠮᠳᠡᠭᠵᠢᠯᠳᠡ᠂ ᠳᠡᠭᠡᠳᠦ ᠲᠡᠰᠵᠢᠯᠳᠡ ᠶᠢ ᠠᠬᠢᠭᠤᠯᠬᠤ ᠶᠢᠨ ᠲᠦᠯᠦᠭᠡ ᠵᠦᠩ ᠰᠢᠶᠠᠨ ᠨᠢ ᠪᠠᠰᠠ ᠨᠢᠭᠡᠳᠦᠯᠲᠡᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ — ︽ᠵᠦᠩ ᠰᠢᠶᠠᠨ ᠤ ᠪᠠᠷᠰᠠᠤᠲᠤ ᠵᠦᠷᠵᠢ︾ ᠢ ᠡᠭᠦᠳᠴᠦ᠂ ᠨᠢᠭᠡᠳᠦᠯᠲᠡᠢ ᠡᠷᠬᠡ ᠣᠯᠭᠤᠨ ᠬᠡᠷᠡᠭᠯᠡᠭᠦᠯᠵᠦ᠂ ᠦᠢᠯᠡᠳᠬᠦᠨ ᠤ ᠲᠡᠰ ᠢ ᠨᠢᠭᠡᠳᠦᠯᠲᠡᠢ ᠪᠣᠯᠭᠠᠵᠤ᠂ ᠲᠦᠷᠦᠯ ᠲᠡᠮᠳᠡᠭ ᠤᠨ ᠪᠣᠭᠤᠳᠠᠯ ᠪᠠᠭᠯᠠᠭ᠎ᠠ ᠶᠢ ᠨᠢᠭᠡᠳᠦᠯᠲᠡᠢ ᠪᠣᠯᠭᠠᠵᠤ᠂ ᠦᠢᠯᠡᠳᠬᠦᠨ ᠤ ᠡᠬᠢ ᠰᠤᠷᠪᠤᠯᠵᠢ ᠶᠢ ᠨᠢᠭᠡᠳᠦᠯᠲᠡᠢ ᠪᠣᠯᠭᠠᠵᠤ᠂ ᠨᠢᠭᠡᠳᠦᠯᠲᠡᠢ ᠬᠢᠨᠠᠨ ᠬᠠᠮᠢᠶᠠᠷᠴᠤ ᠬᠠᠮᠠᠭᠠᠯᠠᠵᠠᠢ᠃ ᠤᠳᠤ ︽ᠵᠦᠩ ᠰᠢᠶᠠᠨ ᠤ ᠪᠠᠷᠰᠠᠤᠲᠤ ᠵᠦᠷᠵᠢ︾ ᠭᠡᠬᠦ ᠲᠦᠷᠦᠯ ᠲᠡᠮᠳᠡᠭ ᠤᠨ ᠦᠢᠯᠡᠳᠦᠯ ᠢᠯᠡᠷᠬᠡᠢ ᠪᠤᠯᠵᠤ᠂ ᠨᠢᠭᠡᠨᠲᠡ 30 ᠭᠠᠷᠤᠢ ᠤᠯᠤᠰ ᠲᠤ ᠪᠣᠷᠣᠯᠠᠭᠤᠯᠤᠭᠳᠠᠵᠤ ᠂ ᠨᠡᠶᠢᠳᠡ 7000 ᠭᠠᠷᠤᠢ ᠲᠣᠨ ᠪᠠᠷᠰᠠᠤᠲᠤ ᠵᠦᠷᠵᠢ ᠶᠢ ᠭᠠᠳᠠᠭᠠᠳᠤ ᠳᠤ ᠭᠠᠷᠭᠠᠵᠤ᠂ ᠪᠠᠶᠢᠩᠭᠤᠵᠢᠭᠰᠠᠨ ᠭᠠᠳᠠᠭᠠᠳᠤ ᠭᠠᠷᠭᠠᠯᠲᠠ ᠶᠢᠨ ᠲᠣᠭᠲᠠᠴᠠ ᠶᠢ ᠪᠦᠷᠢᠯᠳᠦᠭᠦᠯᠵᠡᠢ᠃︽ᠤᠯᠠᠮᠵᠢᠯᠠᠯᠲᠤ ᠲᠠᠷᠢᠮᠠᠯ ᠠᠴᠠ ᠪᠠᠨ ᠣᠲᠣ ᠦᠶ᠎ᠡ ᠶᠢᠨ ᠠᠵᠤ ᠤᠶᠢᠯᠡᠰ ᠪᠤᠯᠬᠤ ᠬᠦᠷᠳᠡᠯ᠎ᠡ᠂ ᠲᠠᠩ ᠴᠤᠯᠭᠤᠶ ᠪᠣᠷᠣᠯᠠᠭᠤᠯᠭ᠎ᠠ ᠬᠢᠵᠦ ᠪᠠᠶᠢᠬᠰᠠᠨ ᠠᠴᠠ ᠪᠠᠨ ᠨᠠᠷᠢᠯᠢᠭ ᠡᠳ᠋ᠰᠢᠭᠦᠯᠬᠦ ᠪᠤᠯᠬᠤ ᠬᠦᠷᠳᠡᠯ᠎ᠡ᠂ ᠪᠠᠷᠰᠠᠤᠲᠤ ᠵᠦᠷᠵᠢ ᠨᠢ ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ︿ᠠᠯᠲᠠᠨ ᠵᠢᠮᠢᠰ﹀ ᠪᠣᠯᠵᠠᠶ︾ ᠭᠡᠵᠦ ᠵᠦᠩ ᠰᠢᠶᠠᠨ  ᠤ ᠨᠠᠮ ᠤᠨ ᠬᠤᠷᠢᠶᠠᠨ ᠤ ᠱᠦᠵᠢ ᠯᠢ ᠳ᠋ᠢᠶᠠᠨ ᠬᠡᠯᠡᠭᠰᠡᠨ ᠢᠶᠠᠨ ᠵᠠᠯᠭᠠᠭᠠᠳ᠂ ᠵᠦᠩ ᠰᠢᠶᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠣᠱᠯᠠᠭᠤᠯᠤᠨ ᠨᠠᠶᠢᠳᠠᠪᠤᠷᠢᠵᠢᠭᠤᠯᠵᠤ᠂ ᠦᠷᠭᠦᠯᠵᠢᠯᠡᠨ ᠪᠠᠷᠰᠠᠤᠲᠤ ᠵᠦᠷᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠯᠢᠳᠡᠭ ᠲᠦᠷᠦᠯ ᠵᠦᠢᠯ ᠢ ᠪᠤᠶᠢᠵᠢᠭᠤᠯᠵᠤ᠂ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠲᠦᠷᠦᠯ ᠲᠡᠮᠳᠡᠭ ᠢ ᠡᠭᠦᠳᠴᠦ᠂ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠢ ᠵᠢᠷᠤᠮᠵᠢᠭᠤᠯᠵᠤ᠂ ᠪᠠᠷᠰᠠᠤᠲᠤ ᠵᠦᠷᠵᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡ ᠴᠤᠭᠴᠠᠵᠢᠭᠤᠯᠤᠨ ᠠᠬᠢᠭᠤᠯᠤᠨ᠎ᠠ ᠭᠡᠵᠦ ᠬᠡᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号