ᠭᠤᠤᠯ ᠢᠳᠡᠭᠡᠨ ᠪᠠᠭ᠎ᠠ ᠢᠳᠡᠭᠦ ᠪᠤᠯᠤᠬᠰᠠᠨ ᠪᠠᠶᠢᠳᠠᠯ ᠳᠤ ᠪᠢᠳᠡ ᠪᠠᠰᠠ ᠡᠶᠢᠮᠦ ᠠᠷᠪᠢᠨ ᠠᠮᠤ ᠬᠦᠨᠡᠰᠦ ᠬᠡᠷᠡᠭᠰᠡᠨ᠎ᠡ ᠦᠦ︖
ᠨᠡᠶᠢᠲᠡᠯᠡᠭᠰᠡᠨ ᠴᠠᠭ᠄
2025/2/18
      ᠠᠮᠤ ᠬᠦᠨᠡᠰᠦ ᠡᠯᠪᠡᠭ ᠬᠤᠷᠢᠶᠠᠯᠲᠠ ᠣᠯᠤᠭᠰᠠᠨ ᠰᠣᠨᠢᠨ ᠮᠡᠳᠡᠭᠡ ᠶᠢ ᠦᠵᠡᠬᠦ ᠪᠦᠷᠢ ᠮᠢᠨᠦ ᠰᠡᠳᠬᠢᠯ ᠳᠤ ᠡᠶᠢᠮᠦ ᠨᠢᠭᠡᠨ ᠠᠰᠠᠭᠤᠯᠳᠠ ᠪᠤᠳᠤᠬᠳᠠᠳᠠᠭ᠄ ᠤᠳᠤ ᠤᠯᠠᠨ ᠤ ᠠᠮᠢᠳᠤᠷᠠᠯ ᠤᠨ ᠨᠥᠬᠦᠴᠡᠯ ᠨᠡᠶᠢᠳᠡᠮ ᠳᠡᠭᠡᠨ ᠰᠠᠶᠢᠵᠢᠷᠠᠵᠤ᠂ ᠭᠤᠣᠯ ᠢᠳᠡᠭᠡᠨ ᠢᠳᠡᠭᠦ ᠨᠢ ᠴᠦ ᠥᠩᠭᠡᠷᠡᠭᠰᠡᠨ ᠤ ᠬᠢ ᠠᠴᠠ ᠪᠠᠭᠠᠰᠪᠠ᠂ ᠮᠠᠨ ᠤ ᠳᠤᠮᠳᠠᠳᠤ ᠤᠯᠤᠰ ᠲᠤ ᠪᠠᠰᠠ ᠡᠶᠢᠮᠦ ᠠᠷᠪᠢᠨ ᠠᠮᠤ ᠬᠦᠨᠡᠰᠦ ᠲᠠᠷᠢᠬᠤ ᠴᠢᠬᠤᠯᠠ ᠲᠠᠢ ᠦᠦ︖      — ᠠᠷᠠᠳ ᠤᠨ ᠰᠦᠯᠵᠢᠶᠡᠨ ᠤ ᠠᠨᠳᠠ 19 * * * 5      ᠬᠥᠳᠡᠭᠡ ᠠᠵᠤ ᠠᠬᠤᠢ ᠶᠢ ᠮᠡᠳᠡᠭᠡᠯᠡᠭᠦ ᠰᠤᠷᠪᠤᠯᠵᠢᠯᠠᠭᠴᠢ ᠪᠣᠯᠤᠭᠰᠠᠨ ᠤ ᠬᠤᠪᠢ ᠳᠤ᠂ ᠳᠡᠷᠭᠡᠳᠡᠬᠢ ᠨᠠᠶᠢᠵᠠ ᠨᠠᠷ ᠴᠤ᠄ ︽ᠭᠤᠤᠯ ᠢᠳᠡᠭᠡᠨ ᠢ ᠪᠠᠭ᠎ᠠ ᠢᠳᠡᠪᠡᠯ ᠴᠢᠰᠤᠨ ᠤ ᠥᠭᠡᠬᠦ ᠶᠢ ᠪᠠᠭᠤᠷᠠᠭᠤᠯᠳᠠᠭ᠂ ᠠᠮᠤ ᠬᠦᠨᠡᠰᠦ ᠶᠢ ᠢᠯᠡᠭᠦᠦ ᠰᠢᠭ ᠲᠤᠳᠠᠭᠤ ᠰᠢᠭ᠋ ᠲᠠᠷᠢᠬᠤ ᠨᠢ ᠬᠠᠮᠢᠶ᠎ᠠ ᠥᠬᠡᠶ ᠪᠢᠵᠡ︖︾᠂ ︽ᠬᠤᠭᠤᠯᠠᠨ ᠰᠢᠷᠡᠭᠡᠨ ᠲᠡᠭᠡᠷ᠎ᠡ ᠤᠯᠠᠩᠭᠢ ᠨᠢ ᠮᠢᠬ᠎ᠠ ᠥᠨᠳᠡᠭᠡ ᠰᠦ᠂ ᠵᠢᠮᠢᠰ ᠢᠳᠡᠰᠢᠨ ᠨᠣᠭᠤᠭ᠎ᠠ ᠵᠢᠭᠠᠰᠤ ᠶᠤᠮ᠂ ᠠᠮᠤ ᠬᠦᠨᠡᠰᠦ ᠪᠠᠰᠠ ᠡᠶᠢᠮᠦ ᠴᠢᠬᠤᠯᠠ ᠦᠦ︖︾ ᠁ ᠭᠡᠭᠦ ᠮᠡᠳᠦᠴᠢᠯᠡᠨ ᠪᠠᠶᠢᠡᠭᠭᠤ ᠠᠰᠠᠭᠤᠳᠠᠭ᠂ ᠡᠳᠡᠭᠡᠷ ᠠᠰᠠᠭᠤᠯᠳᠠ ᠶᠢ ᠪᠢᠳᠡ 3 ᠲᠠᠯ᠎ᠠ ᠠᠴᠠ ᠰᠢᠨᠵᠢᠯᠡᠨ ᠰᠤᠳᠤᠯᠵᠤ ᠪᠣᠯᠤᠨ᠎ᠠ᠃      ᠶᠠᠭᠤᠨ ᠤ ᠡᠮᠦᠨ᠎ᠡ ᠠᠮᠤ ᠬᠦᠨᠡᠰᠦ ᠨᠢ ᠭᠤᠣᠯ ᠢᠳᠡᠭᠡᠨ ᠲᠠᠢ ᠲᠡᠩᠴᠡᠨ᠎ᠡ ᠭᠡᠰᠡᠨ ᠶᠠᠪᠤᠳᠠᠯ ᠪᠢᠰᠢ᠃      ᠮᠠᠨᠲᠠᠤ᠂ ᠲᠤᠳᠤᠷᠭ᠎ᠠ᠂ ᠮᠢᠶᠠᠨᠲ᠋ᠢᠶᠤᠤᠷ ᠵᠡᠷᠭᠡ ᠭᠤᠤᠯ ᠢᠳᠡᠭᠡᠨ ᠢ ᠠᠮᠤ ᠬᠦᠨᠡᠰᠦ ᠪᠠᠷ ᠰᠢᠭᠤᠳ ᠬᠢᠵᠦ᠂ ᠮᠢᠬ᠎ᠠ ᠥᠨᠳᠡᠭᠡ ᠰᠦ ᠶᠢ ᠪᠤᠯ ᠠᠮᠤ ᠬᠦᠨᠡᠰᠦ ᠶᠢ ᠤᠯᠠᠷᠢᠭᠤᠯᠬᠤ ᠴᠢᠬᠤᠯᠠᠳᠠᠢ ᠪᠠᠶᠢᠳᠠᠭ᠃ ᠵᠢᠱᠢᠶᠡᠯᠡᠪᠡᠯ ᠭᠡᠷ ᠤᠨ ᠵᠢᠭᠦᠷᠲᠡᠨ᠂ ᠭᠡᠷ ᠤᠨ ᠲᠡᠵᠢᠭᠡᠪᠦᠷᠢ ᠶᠢᠨ ᠲᠡᠵᠢᠭᠡᠯ ᠪᠣᠷᠳᠣᠭᠠᠨ ᠳᠤ ᠡᠷᠳᠡᠨᠢ ᠰᠢᠰᠢ᠂ ᠪᠤᠷᠴᠠᠭ ᠤᠨ ᠰᠢᠬᠠᠳᠠᠰᠤ ᠵᠡᠷᠭᠡ ᠪᠠᠶᠢᠳᠠᠭ᠂ ᠵᠢᠱᠢᠵᠦ ᠪᠤᠳᠤᠭᠰᠠᠨ ᠢ ᠦᠨᠳᠦᠰᠦᠯᠡᠪᠡᠯ᠂ 1 ᠵᠢᠩ ᠮᠢᠬ᠎ᠠ ᠶᠢ ᠪᠠᠷᠤᠭ 2.5 ᠵᠢᠩ ᠲᠦᠭᠦᠭᠡᠢ ᠠᠮᠤ ᠬᠡᠷᠡᠭᠰᠡᠨ ᠤᠯᠠᠷᠢᠭᠤᠯᠤᠨ᠎ᠠ᠃ ᠡᠭᠦᠨ ᠠᠴᠠ ᠦᠵᠡᠪᠡᠯ᠂ ᠨᠢᠭᠡ ᠡᠳᠦᠷ ᠤᠨ ᠭᠤᠷᠪᠠᠨ ᠡᠷᠢᠨ ᠤ ᠬᠤᠭᠤᠯᠠ ᠠᠴᠠ ᠠᠪᠤᠭᠠᠳ ᠡᠳᠦᠷ ᠲᠤᠲᠤᠮ ᠤᠨ ᠰᠤᠯᠠ ᠢᠳᠡᠭᠡᠨ ᠬᠦᠷᠲᠡᠯ᠎ᠡ ᠪᠠᠷᠤᠭ ᠪᠦᠷ ᠠᠮᠤ ᠬᠦᠨᠡᠰᠦ ᠠᠴᠠ ᠰᠠᠯᠵᠤ ᠴᠢᠳᠠᠬᠤ ᠥᠬᠡᠶ ᠶᠤᠮ᠃      ᠳᠠᠬᠢᠨ ᠪᠢᠳᠡᠨ ᠤ ᠬᠤᠭᠤᠯᠠᠨ ᠤ ᠬᠡᠮᠵᠢᠶ᠎ᠡ ᠶᠢ ᠦᠵᠡᠶ᠎ᠡ᠃ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠶᠢᠨ ᠬᠤᠭᠤᠯᠠ ᠢᠳᠡᠬᠦ ᠶᠠᠪᠤᠳᠠᠯ ᠪᠣᠯ ᠮᠠᠨ ᠤ ᠤᠯᠤᠰ ᠤᠨ ᠬᠠᠮᠤᠭ ᠤᠨ ᠶᠡᠭᠡ ᠤᠯᠤᠰ ᠤᠨ ᠪᠠᠶᠢᠳᠠᠯ ᠪᠣᠯᠤᠨ᠎ᠠ᠃ ᠪᠦᠬᠦ ᠤᠯᠤᠰ ᠤᠨ ᠠᠷᠠᠳ ᠲᠦᠮᠡᠨ ᠳᠤᠮᠳᠠᠴᠢ ᠪᠠᠷ ᠡᠳᠦᠷ ᠲᠤ 70 ᠲᠦᠮᠡᠨ ᠲᠣᠨ ᠠᠮᠤ ᠬᠦᠨᠡᠰᠦ᠂ 23 ᠲᠦᠮᠡᠨ ᠲᠣᠨ ᠮᠢᠬ᠎ᠠ᠂ 9.8 ᠲᠦᠮᠡᠨ ᠲᠣᠨ ᠲᠤᠰᠤ ᠵᠢᠴᠢ 192 ᠲᠦᠮᠡᠨ ᠲᠣᠨ ᠢᠳᠡᠰᠢᠨ ᠨᠣᠭᠤᠭ᠎ᠠ ᠢᠳᠡᠨ᠎ᠡ᠃ ᠬᠡᠷᠪᠡ ᠠᠮᠤ ᠬᠦᠨᠡᠰᠦ ᠦᠨᠡᠬᠡᠷ ᠳᠤᠲᠠᠭᠳᠠᠪᠠᠯ ᠬᠡᠨ ᠪᠢᠳᠠᠨ ᠢ ᠬᠠᠪᠰᠤᠷᠬᠤ ᠪᠤᠢ᠂ ᠬᠡᠨ ᠪᠢᠳᠠᠨ ᠢ ᠬᠠᠪᠰᠤᠷᠴᠤ ᠴᠢᠳᠠᠬᠤ ᠪᠤᠢ︖      ᠲᠡᠷᠡ ᠮᠦᠷᠲᠡᠭᠡᠨ ᠤᠳᠤ ᠠᠮᠢᠳᠤᠷᠠᠯ ᠤᠨ ᠨᠥᠬᠦᠴᠡᠯ ᠰᠠᠶᠢᠵᠢᠷᠠᠭᠰᠠᠨ ᠪᠣᠯᠬᠤᠷ ᠤᠯᠠᠨ ᠢᠶᠠᠷ ᠢᠶᠠᠨ ︽ᠢᠳᠡᠵᠦ ᠴᠠᠳᠬᠤ︾ ᠪᠠᠷ ᠪᠠᠷᠠᠬᠤ ᠦᠭᠡᠢ ᠨᠡᠩ ᠴᠤ ︽ᠰᠠᠶᠢᠨ ᠢᠳᠡᠬᠦ︾ ᠶᠠᠪᠤᠳᠠᠯ ᠴᠢᠬᠤᠯᠠᠴᠢᠯᠠᠬᠳᠠᠳᠠᠭ᠂ ᠬᠡᠷᠡᠭᠯᠡᠭᠡᠨ ᠤ ᠪᠦᠲᠦᠴᠡ ᠶᠢᠨ ᠰᠢᠯᠢᠳᠡᠭᠵᠢᠬᠦ ᠬᠠᠨᠳᠤᠰᠢ ᠨᠡᠩ ᠢᠯᠡᠷᠬᠡᠢ ᠪᠤᠯᠬᠤ ᠶᠢ ᠲᠠᠭᠠᠯᠳᠤᠨ ᠠᠮᠤ ᠬᠦᠨᠡᠰᠦᠨ ᠤ ᠬᠡᠷᠡᠭᠴᠡᠭᠡ ᠴᠦ ︽ᠳᠠᠷᠤᠯᠲᠠ ᠶᠡᠬᠡᠲᠡᠢ︾ ᠪᠤᠯᠬᠤ ᠶᠤᠮ᠃      ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠠᠴᠠ 2025 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠪᠠᠶᠢᠷᠢᠯᠠᠭᠤᠯᠬᠤ ᠳᠤ ᠨᠢᠭᠡᠳᠦᠭᠡᠷ ᠲᠤ ᠵᠢᠭᠰᠠᠭᠠᠭᠳᠠᠵᠤ ᠪᠠᠶᠢᠭ᠎ᠠ ᠨᠢ ᠠᠮᠤ ᠬᠦᠨᠡᠰᠦ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ ᠶᠠᠪᠤᠳᠠᠯ ᠪᠠᠶᠢᠵᠤ᠂ ᠠᠮᠤ ᠬᠦᠨᠡᠰᠦᠨ ᠤ ᠠᠮᠤᠷ ᠲᠦᠪᠰᠢᠨ ᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠠᠳᠬᠤᠬᠤ ᠢᠯᠡ ᠲᠣᠳᠣ ᠲᠤᠬᠢᠶ᠎ᠠ ᠶᠢ ᠢᠯᠡᠷᠡᠭᠦᠯᠵᠡᠢ᠃      ᠳᠠᠷᠠᠭᠠᠯᠠᠪᠠᠯ᠂ ︽ᠲᠤᠰ ᠵᠢᠯ ᠡᠯᠪᠡᠭ ᠬᠤᠷᠢᠶᠠᠯᠲᠠ ᠤᠯᠬᠤ︾ ᠨᠢ ︽ᠵᠢᠯ ᠵᠢᠯ ᠡᠯᠪᠡᠭ ᠬᠤᠷᠢᠶᠠᠯᠲᠠ ᠤᠯᠤᠨ᠎ᠠ︾ ᠭᠡᠰᠡᠨ ᠶᠠᠪᠤᠳᠠᠯ ᠪᠢᠰᠢ᠃      ᠰᠣᠨᠢᠨ ᠮᠡᠳᠡᠭᠡᠨ ᠳᠤ ᠦᠷᠭᠦᠯᠵᠢ ᠠᠮᠤ ᠬᠦᠨᠡᠰᠦ ᠡᠯᠪᠡᠭ ᠬᠤᠷᠢᠶᠠᠯᠲᠠ ᠤᠯᠤᠯ᠎ᠠ ᠭᠡᠵᠦ ᠶᠠᠷᠢᠬᠰᠠᠭᠠᠷ ᠪᠠᠶᠢᠭᠠᠳ ᠪᠦᠷ ︽ᠭᠤᠸ᠎ᠠ ᠰᠠᠶᠢᠬᠠᠨ ᠤ ᠶᠠᠳᠠᠷᠠᠯ︾ ᠲᠠᠢ ᠪᠤᠯᠤᠯ᠎ᠠ᠂ ᠯᠠᠪ ᠢᠳᠡᠵᠦ ᠬᠦᠷᠦᠨ᠎ᠡ ᠭᠡᠵᠦ ᠵᠠᠷᠢᠮ ᠨᠠᠶᠢᠵᠠ ᠨᠠᠭᠠᠳᠤᠮ ᠬᠢᠳᠡᠭ᠃ ᠦᠨᠡᠭᠡᠷᠡᠨ 2024 ᠣᠨ ᠳᠤ ᠮᠠᠨ ᠤ ᠤᠯᠤᠰ ᠤᠨ ᠠᠮᠤ ᠬᠦᠨᠡᠰᠦᠨ ᠤ ᠶᠡᠷᠦᠩᠬᠡᠶ ᠤᠨᠠᠯᠲᠠ 1.4 ᠲᠦᠮᠡᠨ ᠳ᠋ᠦᠩᠰᠢᠭᠤᠷ ᠵᠢᠩ ᠢ ᠳᠠᠪᠠᠵᠤ᠂ ᠡᠨᠡ ᠨᠢ ᠬᠥᠮᠦᠨ ᠳᠤᠮᠳᠠᠴᠢ ᠶᠢᠨ ᠠᠮᠤ ᠬᠦᠨᠡᠰᠦ ᠤ ᠡᠵᠡᠯᠡᠬᠦ ᠬᠡᠮᠵᠢᠶ᠎ᠡ 500 ᠺᠢᠯᠣᠭ᠍ᠷᠠᠮ ᠢ ᠳᠠᠪᠠᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ 400 ᠺᠢᠯᠣᠭ᠍ᠷᠠᠮ ᠤᠨ ᠠᠮᠤ ᠬᠦᠨᠡᠰᠦᠨ ᠤ ᠠᠮᠤᠷ ᠲᠦᠪᠰᠢᠨ ᠤ ᠱᠤᠭᠤᠮ ᠤᠨ ᠪᠠᠷᠢᠮᠵᠢᠶ᠎ᠠ ᠠᠴᠠ ᠥᠨᠳᠥᠷ ᠪᠣᠯᠤᠭᠰᠠᠨ ᠢ ᠬᠠᠷᠠᠭᠤᠯᠵᠤ ᠪᠠᠶᠢᠭ᠎ᠠ ᠶᠤᠮ᠃      ᠭᠡᠪᠡᠴᠦ ᠦᠨᠡᠭᠡᠷ ᠰᠠᠨᠠᠭ᠎ᠠ ᠵᠣᠪᠠᠭ᠋ᠤ ᠶᠠᠪᠤᠳᠠᠯ ᠦᠭᠡᠢ ᠪᠤᠯᠤᠬᠰᠠᠨ ᠤᠤ︖ ᠠᠮᠤ ᠬᠦᠨᠡᠰᠦ ᠡᠯᠪᠡᠭ ᠬᠤᠷᠢᠶᠠᠯᠲᠠ ᠤᠯᠬᠤ ᠳᠤ ︽ᠲᠩᠷᠢ ᠶᠢᠨ ᠬᠠᠪᠰᠤᠷᠤᠯᠭ᠎ᠠ︾ ᠪᠠ ︽ᠬᠥᠮᠦᠨ ᠤ ᠴᠢᠷᠮᠠᠶᠢᠯᠭ᠎ᠠ︾ ᠶᠢᠨ ᠠᠯᠢ ᠨᠢ ᠴᠦ ᠳᠤᠲᠠᠭᠳᠠᠵᠤ ᠪᠣᠯᠬᠤ ᠥᠬᠡᠶ᠃ ᠭᠠᠩᠳᠠᠵᠤ ᠤᠰᠤᠲᠤᠬᠤ ᠭᠠᠮᠰᠢᠭ ᠨᠢ ᠮᠥᠨ ᠯᠡ ᠠᠮᠤ ᠬᠦᠨᠡᠰᠦᠨ ᠤ ᠦᠢᠯᠡᠳᠪᠦᠷᠢᠯᠡᠯ ᠤᠨ ᠬᠠᠮᠤᠭ ᠤᠨ ᠶᠡᠭᠡ ᠠᠶᠤᠯ ᠲᠦᠭᠰᠢᠭᠦᠷᠢ ᠪᠤᠯᠵᠤ ᠪᠠᠶᠢᠨ᠎ᠠ᠃ ᠥᠩᠭᠡᠨ ᠲᠠᠯ᠎ᠠ ᠠᠴᠠ ᠨᠢ ᠦᠵᠡᠪᠡᠯ᠂ 2024 ᠣᠨ ᠤ ᠲᠠᠷᠢᠶᠠᠯᠠᠩ ᠤᠨ ᠭᠠᠮᠰᠢᠭ ᠤᠨ ᠪᠠᠶᠢᠳᠠᠯ ᠨᠢ ᠲᠦᠷᠦᠭᠦᠦ ᠬᠡᠳᠦᠨ ᠵᠢᠯ ᠤᠨ ᠬᠢ ᠠᠴᠠ ᠪᠠᠨ ᠨᠡᠯᠢᠶᠡᠳ ᠬᠦᠡᠭᠭᠡᠨ ᠪᠠᠶᠢᠭᠰᠠᠨ ᠪᠣᠯᠪᠠᠴᠤ ᠵᠠᠷᠢᠮ ᠭᠠᠵᠠᠷ ᠨᠢ ᠬᠦᠴᠦᠲᠡᠢ ᠭᠦᠢᠯᠡᠰᠦᠨ ᠪᠤᠷᠤᠭᠠᠨ ᠳᠤ ᠲᠠᠭᠠᠷᠢᠬᠳᠠᠵᠤ᠂ ᠲᠠᠷᠢᠶᠠᠴᠢᠨ ᠪᠣᠯᠤᠨ ᠨᠢᠭᠡᠳᠦᠭᠡᠷ ᠹᠷᠣᠨᠲ ᠤᠨ ᠺᠠᠳ᠋ᠷᠴᠤᠳ ᠮᠠᠰᠢ ᠣᠯᠠᠨ ᠴᠢᠷᠮᠠᠶᠢᠯᠭ᠎ᠠ ᠭᠠᠷᠭᠠᠵᠠᠶ᠃ ᠴᠠᠭ ᠠᠭᠤᠷ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠨᠢ ᠮᠠᠰᠢ ᠶᠡᠭᠡ ᠪᠣᠯᠬᠤᠷ ᠠᠮᠤ ᠬᠦᠨᠡᠰᠦᠨ ᠤ ᠦᠢᠯᠡᠳᠪᠦᠷᠢᠯᠡᠯ ᠢ ᠰᠤᠯᠠᠷᠠᠭᠤᠯᠵᠤ ᠪᠣᠯᠬᠤ ᠦᠭᠡᠢ ᠶᠢ ᠲᠤᠬᠳᠠᠭᠠᠵᠠᠢ᠃      ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠵᠤ᠂ ᠬᠡᠵᠢᠶ᠎ᠡ ᠴᠦ ᠭᠡᠳ ᠠᠮᠤ ᠬᠦᠨᠡᠰᠦ ᠶᠢ ᠬᠡᠷᠡᠭᠯᠡᠭᠡᠳ ᠬᠦᠷᠴᠢᠭᠡᠨ᠎ᠡ ᠭᠡᠵᠦ ᠠᠮᠠᠷᠬᠠᠨ ᠬᠡᠯᠡᠵᠦ ᠪᠣᠯᠬᠤ ᠦᠭᠡᠢ᠃ ᠪᠢᠳᠡ ᠲᠤᠭ᠎ᠠ ᠪᠠᠷᠢᠮᠲᠠ ᠪᠠᠷ ᠬᠡᠯᠡᠪᠡᠯ᠂ 1996 ᠣᠨ᠂ 1998 ᠣᠨ ᠪᠠ 1999 ᠣᠨ ᠳᠤ ᠪᠦᠬᠦ ᠤᠯᠤᠰ ᠤᠨ ᠠᠮᠤ ᠬᠦᠨᠡᠰᠦᠨ ᠤ ᠤᠨᠠᠯᠲᠠ ᠲᠤᠰ ᠲᠤᠰ ᠭᠤᠷᠪᠠ ᠤᠳᠠᠭ᠎ᠠ 1 ᠲᠦᠮᠡᠨ ᠳ᠋ᠦᠩᠰᠢᠭᠤᠷ ᠵᠢᠩ ᠳᠤ ᠬᠦᠷᠦᠭᠰᠡᠨ ᠪᠠᠶᠢᠨ᠎ᠠ᠂ ᠭᠡᠪᠡᠴᠦ ᠶᠠᠪᠤᠴᠠ ᠲᠤᠮᠳᠠ ᠨᠢ ᠨᠤᠭᠤᠷᠠᠯ ᠪᠦᠳᠦᠷᠢᠯ ᠳᠤ ᠤᠴᠠᠷᠠᠵᠤ᠂ ᠮᠠᠰᠢ ᠠᠷᠪᠢᠨ ᠴᠢᠷᠮᠠᠶᠢᠯᠭ᠎ᠠ ᠭᠠᠷᠭᠠᠵᠤ᠂ 2007 ᠣᠨ ᠳᠤ ᠰᠠᠶ᠋ᠢ ᠳᠠᠬᠢᠨ 1 ᠲᠦᠮᠡᠨ ᠳ᠋ᠦᠩᠰᠢᠭᠤᠷ ᠵᠢᠩ ᠳᠡᠭᠡᠨ ᠪᠤᠴᠠᠪᠠ᠃ ︽ᠤᠷᠤᠭᠤᠳᠠᠬᠤ ᠳᠤ ᠠᠮᠠᠷ᠂ ᠠᠪᠠᠷᠢᠬᠤ ᠳᠤ ᠬᠦᠴᠢᠷ︾᠂ ︽ᠠᠮᠤ ᠬᠦᠨᠡᠰᠦᠨ ᠤ ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ︾ ᠭᠡᠳᠡᠭ  ᠨᠢ ᠮᠡᠳᠡᠭᠡᠵᠢ ᠵᠦᠪ᠃      ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ︽ᠠᠮᠤ ᠬᠦᠨᠡᠰᠦ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠵᠦ ᠳᠤᠷᠠᠳᠪᠠ᠃ ᠮᠠᠨ ᠤ ᠭᠠᠷ ᠲᠠᠬᠢ ︽ᠫᠠᠢ︾ ᠶᠢ ᠦᠵᠡᠪᠡᠯ᠄ ᠪᠥᠬᠦ ᠤᠯᠤᠰ ᠤᠨ ᠲᠠᠷᠢᠶᠠᠨ ᠭᠠᠵᠠᠷ ᠤᠨ ᠲᠠᠯᠠᠪᠠᠶ ᠭᠤᠷᠪᠠᠨ ᠵᠢᠯ ᠳᠠᠷᠠᠭᠠᠯᠠᠨ ᠴᠡᠪᠡᠷ ᠨᠡᠮᠡᠭᠳᠡᠵᠦ᠂ 2024 ᠣᠨ ᠳᠤ 137 ᠪᠣᠭᠤᠳᠠᠶ ᠶᠢᠨ ᠰᠢᠨ᠎ᠡ ᠡᠭᠦᠯᠳᠡᠷ ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠦᠯᠵᠦ᠂ 300 ᠮᠣᠷᠢᠨ ᠬᠦᠴᠦ ᠪᠦᠭᠦᠢ ᠲᠡᠰᠭᠦᠢ ᠬᠤᠪᠢᠷᠠᠮᠠᠯ ᠬᠤᠷᠳᠤᠴᠠᠳᠤ ᠲᠷᠠᠺᠲ᠋ᠣᠷ ᠢ ᠬᠡᠪᠴᠢᠶᠡᠵᠢᠭᠦᠯᠦᠨ ᠦᠢᠯᠡᠳᠪᠦᠷᠢᠯᠡᠵᠦ ᠠᠰᠢᠬᠯᠠᠯᠳᠠ ᠳᠤ ᠤᠷᠤᠭᠤᠯᠪᠠ᠂ ᠡᠲᠡᠭᠡᠷ ᠨᠢ ᠴᠥᠮ ᠦᠨᠡᠨ ᠪᠣᠳᠠᠲᠠᠶ ᠠᠮᠤ ᠬᠦᠨᠡᠰᠦᠨ ᠤ ᠦᠢᠯᠡᠳᠪᠦᠷᠢᠯᠡᠯ ᠤᠨ ᠬᠦᠴᠦᠨ ᠪᠣᠯᠵᠣ ᠬᠤᠪᠢᠷᠠᠵᠠᠶ᠂ ᠪᠢᠳᠡ ᠡᠯᠪᠡᠭ ᠬᠤᠷᠢᠶᠠᠯᠲᠠ ᠤᠯᠬᠤ ᠢᠲᠡᠭᠡᠯ ᠲᠠᠢ ᠪᠠᠶᠢᠨ᠎ᠠ᠃      ᠭᠤᠷᠪᠠᠳᠤᠭᠠᠷ ᠲᠤ᠂ ᠠᠮᠤ ᠬᠦᠨᠡᠰᠦᠨ ᠤ ᠠᠰᠠᠭᠤᠳᠠᠯ ᠪᠣᠯ ᠵᠥᠪᠬᠡᠨ ᠠᠮᠤ ᠬᠦᠨᠡᠰᠦᠨ ᠤ ᠠᠰᠠᠭᠤᠳᠠᠯ ᠪᠢᠰᠢ᠃      ᠠᠵᠤ ᠠᠬᠤᠶ ᠶᠢᠨ ︽ᠶᠡᠭᠡ ᠲᠠᠯ᠎ᠠ︾ ᠠᠴᠠ ᠦᠵᠡᠪᠡᠯ᠂ ᠠᠮᠤ ᠬᠦᠨᠡᠰᠦᠨ ᠤ ᠦᠨ᠎ᠡ ᠪᠣᠯ ᠪᠠᠷᠠᠭᠠᠨ ᠤ ᠦᠨ᠎ᠡ ᠶᠢᠨ ᠰᠠᠭᠤᠷᠢ ᠮᠥᠨ᠂ ᠠᠮᠤ ᠬᠦᠨᠡᠰᠦᠨ ᠤ ᠦᠨ᠎ᠡ ᠵᠢᠴᠢ ᠲᠡᠭᠦᠨ ᠤ ᠨᠥᠯᠥᠭᠡ ᠶᠢ ᠭᠥᠷᠳᠡᠭᠰᠡᠨ ᠢᠳᠡᠭᠡᠨ ᠤ ᠦᠨ᠎ᠡ ᠬᠠᠩᠰᠢ ᠨᠢ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠭᠴᠢ ᠲᠤᠭ᠎ᠠ ᠶᠢᠨ ᠥᠰᠥᠯᠲᠡ ᠪᠠᠭᠤᠷᠠᠯᠲᠠ ᠲᠠᠢ ᠬᠤᠯᠪᠣᠭᠳᠠᠵᠤ ᠪᠠᠶᠢᠳᠠᠭ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠢ ᠠᠵᠤ ᠠᠬᠤᠢ ᠶᠢᠨ ᠶᠡᠭᠡ ᠬᠠᠨᠳᠤᠰᠢ ᠳᠤ ᠬᠤᠯᠪᠣᠭᠳᠠᠵᠤ᠂ ᠨᠡᠩ ᠴᠤ ᠲᠦᠭ ᠲᠦᠮᠡᠨ ᠠᠶᠢᠯ ᠡᠷᠦᠬᠡ ᠶᠢᠨ ᠠᠮᠢᠳᠤᠷᠠᠯ ᠳᠤ ᠬᠤᠯᠪᠣᠭᠳᠠᠵᠤ ᠪᠠᠶᠢᠳᠠᠭ᠂ ᠳᠤᠮᠳᠠᠳᠤ ᠤᠯᠤᠰ ᠤᠨ ᠠᠵᠤ ᠠᠬᠤᠢ ᠶᠢᠨ ᠲᠤᠮᠤ ᠬᠦᠯᠭᠡ ᠯᠠᠪᠳᠠᠭᠤᠨ ᠢᠶᠠᠷ ᠠᠶᠠᠯᠠᠬᠤ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠭᠡᠬᠦ ᠡᠨᠡᠬᠦ ︽ᠰᠠᠭᠤᠷᠢ ᠴᠢᠯᠠᠭᠤ︾ ᠳᠤᠲᠠᠭᠳᠠᠵᠤ ᠪᠣᠯᠤᠰᠢ ᠦᠭᠡᠢ ᠶᠤᠮ᠃      ᠤᠯᠤᠰ ᠤᠨ ᠠᠮᠤᠷ ᠲᠦᠪᠰᠢᠨ ᠤ ᠲᠠᠯ᠎ᠠ ᠠᠴᠠ ᠠᠪᠴᠤ ᠦᠵᠡᠪᠡᠯ᠂ ᠲᠣᠭᠲᠠᠭᠤᠨ ᠪᠤᠰᠤ ᠴᠢᠨᠠᠷ᠂ ᠲᠣᠭᠲᠠᠭᠠᠯᠲᠤ ᠪᠤᠰᠤ ᠴᠢᠨᠠᠷ ᠲᠠᠢ ᠬᠦᠴᠦᠨ ᠵᠦᠢᠯ ᠪᠤᠢ ᠪᠣᠯᠤᠮᠠᠭᠴᠠ ᠮᠠᠰᠢ ᠤᠯᠠᠨ ᠤᠯᠤᠰ ᠪᠠ ᠭᠠᠵᠠᠷ ᠣᠷᠣᠨ ᠲᠡᠷᠡ ᠳᠠᠷᠤᠢ ᠳᠤᠨᠢ ︽ᠠᠮᠤ ᠬᠦᠨᠡᠰᠦᠨ ᠤ ᠤᠭᠤᠲᠠ︾ ᠪᠠᠨ ᠴᠢᠩᠭ᠎ᠠ ᠳᠠᠷᠤᠵᠤ᠂ ᠠᠮᠤ ᠬᠦᠨᠡᠰᠦ ᠶᠢ ᠬᠠᠷᠢᠭᠤᠴᠠᠯ ᠤᠨ ᠪᠠᠭᠠᠵᠢ ᠪᠠᠨ ᠪᠣᠯᠭᠠᠬᠤ ᠶᠢ ᠪᠢᠲᠠ ᠮᠠᠷᠲᠠᠵᠤ ᠪᠣᠯᠬᠤ ᠦᠭᠡᠢ᠃ ᠠᠮᠤ ᠬᠦᠨᠡᠰᠦ ᠢᠯᠡᠭᠦᠦ ᠰᠢᠭ ᠴᠥᠭᠡᠨ ᠰᠢᠭ ᠪᠠᠶᠢᠬᠤ ᠪᠣᠯ ᠪᠠᠶᠢᠯᠳᠤᠬᠤ ᠠᠷᠭ᠎ᠠ ᠶᠢᠨ ᠠᠰᠠᠭᠤᠳᠠᠯ ᠮᠥᠨ᠂ ᠠᠮᠤ ᠬᠦᠨᠡᠰᠦᠨ ᠤ ᠠᠮᠤᠷ ᠲᠦᠪᠰᠢᠨ ᠪᠣᠯ ᠬᠠᠷᠢᠨ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠮᠥᠨ᠂ ᠢᠯᠡᠭᠦᠦ ᠰᠢᠭ ᠪᠠᠶᠢᠬᠤ ᠶᠢᠨ ᠳᠠᠷᠤᠯᠲᠠ ᠪᠠ ᠳᠤᠲᠠᠭᠤ ᠰᠢᠭ᠋ ᠪᠠᠶᠢᠬᠤ ᠶᠢᠨ ᠳᠠᠷᠤᠯᠲᠠ ᠶᠢ ᠠᠳᠠᠯᠢ ᠪᠠᠷ ᠦᠵᠡᠵᠦ ᠪᠣᠯᠬᠤ ᠦᠭᠡᠢ᠃      ᠭᠠᠷ ᠲᠠᠭᠠᠨ ᠠᠮᠤ ᠬᠦᠨᠡᠰᠦ ᠲᠠᠢ ᠪᠣᠯ ᠰᠡᠳᠬᠢᠯ ᠠᠮᠤᠷ᠃ ᠠᠮᠤ ᠬᠦᠨᠡᠰᠦ ᠨᠢ ᠡᠩ ᠤᠨ ᠦᠶ᠎ᠡ ᠳᠤ ᠮᠡᠳᠡᠭᠳᠡᠬᠦ ᠦᠭᠡᠢ ᠪᠤᠯᠪᠠᠴᠤ ᠡᠶᠢᠮᠦ ᠲᠡᠶᠢᠮᠦ ᠪᠠᠶᠢᠳᠠᠯ ᠭᠠᠷᠤᠮᠠᠬᠴᠠ ᠬᠥᠮᠦᠨ ᠤ ᠰᠡᠳᠬᠢᠯ ᠢ ᠰᠢᠵᠢᠮᠯᠡᠳᠡᠭ᠃ ᠳᠠᠬᠢᠨ ᠪᠢᠳᠡᠨ ᠤ ᠬᠤᠭᠤᠯᠠᠨ ᠤ ᠰᠢᠷᠡᠭᠡ ᠶᠢ ᠦᠵᠡᠪᠡᠯ᠂ ᠠᠮᠤ ᠬᠦᠨᠡᠰᠦᠨ ᠤ ᠠᠮᠤᠷ ᠲᠦᠪᠰᠢᠨ ᠪᠣᠯ ︽ᠤᠯᠤᠰ ᠤᠨ ᠲᠤᠮᠤ ᠶᠠᠪᠤᠳᠠᠯ︾ ᠮᠥᠨ᠂ ᠡᠨᠡ ᠨᠢ ᠨᠠᠩ ᠪᠣᠳᠠᠲᠠᠶᠢᠵᠢᠭᠰᠠᠨ ᠪᠢᠰᠢ ᠦᠦ︖ ᠠᠮᠤ ᠬᠦᠨᠡᠰᠦ ᠡᠯᠪᠡᠭ ᠬᠤᠷᠢᠶᠠᠯᠲᠠ ᠤᠯᠬᠤ  ᠳᠤ ᠪᠢᠳᠡ ᠨᠢᠭᠡ ᠨᠢᠭᠡ ᠪᠠᠷ ᠬᠦᠴᠦ ᠵᠠᠯᠭᠠᠨ ᠬᠢᠬᠦ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号