ᠮᠠᠨ ᠤ ᠡᠨᠡ ᠨᠢᠭᠡ ᠦᠶ᠎ᠡ ᠶᠢᠨ ᠬᠥᠮᠦᠰ ᠨᠠᠰᠤᠲᠠᠨ ᠢᠶᠠᠨ ᠬᠠᠷᠠᠭᠠᠯᠵᠠᠵᠤ ᠬᠡᠦᠬᠡᠳ ᠢᠶᠠᠨ ᠠᠰᠠᠷᠠᠨ ᠲᠡᠵᠢᠭᠡᠬᠦ | ᠬᠡᠷᠡᠭᠲᠡᠢ ᠪᠠᠶᠢᠵᠤ᠂ ᠴᠦᠮ ᠠᠵᠤ ᠠᠬᠤᠢ ᠪᠠᠭᠤᠷᠠᠬᠤ ᠳᠠᠷᠤᠯᠲᠠ ᠶᠡᠭᠡ ᠪᠠᠶᠢᠨ᠎ᠠ ᠭᠡᠵᠡᠭᠡᠵᠦ᠂ ᠣᠷᠣᠯᠭ᠎ᠠ ᠪᠠᠨ | ᠨᠡᠮᠡᠭᠳᠡᠭᠦᠯᠬᠦ᠂ ᠴᠠᠯᠢᠩ ᠢᠶᠠᠨ ᠨᠡᠮᠡᠭᠳᠡᠭᠦᠯᠬᠦ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡᠨ ᠤ ᠵᠢᠭᠡᠯᠡᠯᠭᠡ | ᠭᠡᠭᠦᠴᠢᠯᠡᠨ ᠲᠠᠯ᠎ᠠ ᠲᠠᠯ᠎ᠠ ᠶᠢᠨ ᠡᠭᠦᠷᠭᠡ ᠬᠦᠨᠳᠦ ᠪᠠᠶᠢᠨ᠎ᠠ᠃ ᠰᠢᠨ᠎ᠡ ᠨᠢᠭᠡ ᠵᠢᠯ ᠳᠤ᠂ ᠳᠠᠷᠤᠭᠠᠰᠤ ᠪᠠᠨ | ᠬᠥᠩᠭᠡᠷᠡᠭᠦᠯᠵᠦ ᠡᠷᠴᠢ ᠵᠣᠷᠢᠭ ᠢᠶᠠᠨ ᠬᠥᠪᠴᠢᠯᠡᠬᠦ ᠳᠤ ᠢᠲᠡᠭᠡᠯ ᠵᠣᠷᠢᠭ ᠨᠢ ᠬᠠᠮᠢᠭ᠎ᠠ ᠪᠠᠨ ᠪᠠᠶᠢᠭ᠎ᠠ ᠪᠤᠢ︖ | — ᠠᠷᠠᠳ ᠤᠨ ᠰᠦᠯᠵᠢᠶᠡᠨ ᠤ ᠠᠨᠳᠠ 1* * * * * * ** * 7ᠢᠲᠡᠭᠡᠯ ᠵᠤᠷᠢᠭ ᠬᠠᠮᠢᠭ᠎ᠠ ᠪᠠᠶᠢᠭ᠎ᠠ | ᠪᠣᠶ︖ ᠣᠳᠣᠬᠠᠨ ᠳᠤ ᠪᠠᠶᠢᠬᠤ ᠪᠦᠭᠡᠳ ᠢᠷᠡᠭᠡᠳᠦᠢ ᠳᠤ ᠴᠦ ᠪᠤᠢ᠃ | ᠪᠢᠯᠧᠲ ᠤᠨ ᠣᠷᠣᠯᠭ᠎ᠠ 150 ᠳ᠋ᠦᠩᠰᠢᠭᠤᠷ ᠲᠥᠭᠦᠷᠢᠭ ᠢ ᠳᠠᠪᠠᠪᠠ︕ ᠡᠨᠡ ᠵᠢᠯ ᠳᠤᠮᠳᠠᠳᠤ ᠤᠯᠤᠰ ᠤᠨ | ᠺᠢᠨᠣ᠋ ᠶᠢᠨ ᠵᠠᠬ᠎ᠠ ᠳᠡᠯᠭᠡᠭᠦᠷ ᠡᠬᠢᠨ ᠤ ᠬᠦᠰᠢᠭᠡ ᠪᠠᠨ ᠬᠦᠴᠦᠲᠡᠢ ᠰᠡᠭᠦᠪᠡ᠃ ᠡᠭᠦᠨ ᠳᠤ᠂ ︽ᠨᠧ ᠵᠠ ᠰᠢᠳᠢᠳᠦ | ᠵᠢᠭᠠᠯ ᠳᠠᠯᠠᠢ ᠶᠢ ᠲᠦᠢᠪᠡᠭᠡᠭᠰᠡᠨ ᠨᠢ︾ ᠭᠡᠭᠦ ᠺᠠᠷᠲ᠋ᠣᠨ ᠺᠢᠨᠣ᠋ ᠳᠤᠮᠳᠠᠳᠤ ᠤᠯᠤᠰ ᠤᠨ ᠺᠢᠨᠣ᠋ ᠶᠢᠨ ᠪᠢᠯᠧᠲ ᠤᠨ | ᠣᠷᠣᠯᠭ᠎ᠠ᠂ ᠳᠤᠮᠳᠠᠳᠤ ᠤᠯᠤᠰ ᠤᠨ ᠺᠢᠨᠣ᠋ ᠶᠢᠨ ᠲᠡᠦᠭᠡᠨ ᠳᠠᠬᠢ ᠦᠵᠡᠭᠴᠢᠳ ᠤᠨ ᠲᠤᠭ᠎ᠠ᠂ ᠪᠦᠬᠦ ᠪᠥᠮᠪᠥᠷᠴᠡᠭ ᠤᠨ | ᠺᠢᠨᠣ᠋ ᠶᠢᠨ ᠲᠡᠦᠭᠡᠨ ᠳᠠᠬᠢ ᠳᠠᠩ ᠭᠠᠭᠴᠠ ᠵᠠᠬ᠎ᠠ ᠳᠡᠯᠭᠡᠭᠦᠷ ᠤᠨ ᠪᠢᠯᠧᠲ ᠤᠨ ᠣᠷᠣᠯᠭ᠎ᠠ ᠭᠡᠬᠦ ᠭᠤᠷᠪᠠᠨ | ᠵᠢᠭᠰᠠᠭᠠᠯᠲᠠ ᠳᠤ ᠲᠡᠷᠢᠭᠦᠯᠡᠵᠦ᠂ ᠦᠷᠭᠦᠯᠵᠢᠯᠡᠨ ᠰᠢᠨ᠎ᠡ ᠲᠡᠮᠳᠡᠭᠯᠡᠯ ᠢ ᠡᠭᠦᠳᠪᠡ᠃ | ᠨᠧ ᠵᠠ ᠬᠡᠭᠦ ᠡᠨᠡ ᠬᠦ ᠭᠠᠯ ᠬᠦᠷᠳᠦ ᠬᠢᠰᠬᠢᠯᠡᠵᠦ ᠭᠠᠷ ᠲᠠᠭᠠᠨ ᠵᠢᠳᠠ ᠪᠠᠷᠢᠭᠰᠠᠨ ᠬᠡᠦᠭᠡᠳ ᠶᠠᠭ ᠴᠧᠨ | ᠳᠠᠩ ᠭᠤᠸᠠᠨ ᠪᠣᠭᠤᠮᠲᠠ ᠠᠴᠠ ᠪᠦᠬᠦ ᠳᠡᠯᠡᠬᠡᠢ ᠶᠢ ᠴᠢᠭᠯᠡᠨ ᠲᠠᠭᠠᠷᠢᠯᠳᠠ ᠬᠢᠵᠤ ᠪᠠᠶᠢᠨ᠎ᠠ᠃ | ᠨᠢᠳᠤᠨᠤᠨ ᠵᠢᠯ ᠤᠨ ᠰᠡᠭᠦᠯᠴᠢ ᠪᠠᠷ᠂ ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ︽ᠬᠠᠷ᠎ᠠ ᠲᠤᠮᠤᠭ᠄ | ᠦ᠋ ᠺᠦᠩ︾ ᠪᠦᠬᠦ ᠪᠥᠮᠪᠥᠷᠴᠡᠭ ᠤᠨ ᠲᠣᠭᠯᠠᠭᠠᠮ ᠤᠨ ᠶᠡᠭᠡ ᠱᠠᠩᠨᠠᠯ ᠢ ᠣᠯᠵᠤ᠂ ᠳᠤᠮᠳᠠᠳᠤ ᠤᠯᠤᠰ ᠤᠨ | ᠲᠣᠭᠯᠠᠭᠠᠮ ᠤᠨ ᠲᠡᠦᠬᠡᠨ ᠳᠡᠭᠡᠷᠡᠬᠢ ︽ᠲᠡᠭ ᠤᠨ ᠰᠢᠪᠲᠤᠯᠤᠯᠲᠠ︾ ᠶᠢ ᠪᠡᠶᠡᠯᠡᠭᠦᠯᠦᠭᠰᠡᠨ ᠳᠤ ᠪᠠᠶᠠᠷ ᠬᠦᠷᠭᠡᠪᠡ᠃ | ᠵᠠᠷᠢᠮ ᠨᠠᠭᠠᠳᠤᠭᠴᠢ᠄ ︽ᠲᠣᠭᠯᠠᠭᠠᠮ ᠤᠨ ᠳᠣᠲᠣᠷ᠎ᠠ᠂ ᠪᠢ ᠠᠮᠧᠷᠢᠺᠠ ᠶᠢᠨ ᠪᠠᠷᠠᠭᠤᠨ ᠬᠡᠰᠡᠭ ᠲᠤ ᠮᠣᠷᠢ | ᠤᠨᠤᠵᠤ᠂ ᠧᠦ᠋ᠷᠣᠫᠠ ᠳᠤ ᠲᠡᠯᠡᠶ ᠶᠢᠨ ᠳᠡᠭᠡᠷᠡᠮ ᠪᠣᠯᠵᠣ ᠥᠩᠭᠡᠷᠡᠵᠡᠶ᠂ ᠣᠲᠣ ᠡᠴᠦᠰ ᠲᠡᠭᠡᠨ ᠨᠤᠲᠤᠭ ᠲᠠᠭᠠᠨ | ᠪᠤᠴᠠᠵᠤ ᠥᠪᠡᠷ ᠤᠨ ᠢᠶᠠᠨ ᠪᠠᠭᠠᠲᠤᠷ ᠪᠣᠯᠵᠣ ᠴᠢᠳᠠᠬᠤ ᠪᠤᠯᠤᠯ᠎ᠠ︾ ᠭᠡᠵᠦ ᠰᠡᠳᠬᠢᠯ ᠳᠣᠭᠳᠣᠯᠤᠨ ᠬᠡᠯᠡᠪᠡ᠃ᠡᠶᠢᠮᠦ | ᠪᠠᠳᠤᠳᠠᠢ ᠢᠲᠡᠭᠡᠯ ᠨᠢ ᠬᠦᠮᠦᠰ ᠢ ᠳᠣᠭᠳᠣᠯᠤᠭᠤᠯᠤᠨ᠎ᠠ᠃ | ᠤᠯᠤᠰ ᠲᠠᠭᠠᠨ ᠦᠢᠯᠡᠳᠪᠦᠷᠢᠯᠡᠭᠰᠡᠨ ᠺᠢᠨᠣ᠋ ᠪᠠ ᠤᠯᠤᠰ ᠲᠠᠭᠠᠨ ᠦᠢᠯᠡᠳᠪᠦᠷᠢᠯᠡᠭᠰᠡᠨ ᠲᠣᠭᠯᠠᠭᠠᠮ ᠪᠣᠯ ᠠᠵᠤ | ᠠᠬᠤᠢ ᠶᠢᠨ ᠤᠷᠤᠰᠬᠠᠯ ᠤᠨ ᠳᠤᠮᠳᠠᠬᠢ ᠤᠷᠬᠢᠯᠤᠬᠰᠠᠨ ᠲᠠᠪᠠᠯᠭᠠᠨ ᠪᠤᠯᠤᠨ᠎ᠠ᠃ ᠰᠢᠨ᠎ᠡ ᠡᠭᠦᠳᠦᠯᠲᠡ ᠶᠢᠨ ᠴᠠᠭ | ᠦᠶ᠎ᠡ ᠳᠤ᠂ ᠳᠠᠪᠠᠯᠭᠠᠨ ᠢ ᠰᠦᠷᠦᠨ ᠤᠷᠤᠭᠰᠢᠯᠠᠬᠤ ᠳᠤ ᠵᠠᠷᠢᠮ ᠬᠥᠮᠦᠨ ᠪᠠᠶᠠᠷ ᠪᠠᠭ᠋ᠠᠳᠤᠯ ᠢ ᠤᠯᠵᠤ᠂ ᠵᠠᠷᠢᠮ | ᠬᠥᠮᠦᠨ ᠬᠠᠷᠠᠮᠰᠠᠯ ᠢᠶᠠᠨ ᠨᠢᠭᠤᠨ ᠲᠠᠯᠳᠠᠯᠠᠳᠠᠭ᠂ ᠭᠡᠪᠡᠴᠦ ᠢᠷᠡᠭᠰᠡᠨ ᠵᠠᠮ ᠢᠶᠠᠨ ᠡᠷᠭᠢᠴᠡᠭᠦᠯᠵᠦ᠂ ᠰᠢᠨ᠎ᠡ ᠨᠢᠭᠡ | ᠵᠢᠯ ᠢᠶᠠᠨ ᠪᠠᠷᠠᠯᠠᠬᠤᠶ᠎ᠠ ᠮᠥᠨ ᠯᠡ ᠤᠷᠤᠭᠰᠢ ᠲᠠᠪᠰᠢᠬᠤ ᠬᠡᠷᠡᠭᠲᠡᠢ ᠪᠠᠶᠢᠳᠠᠭ᠃ | ᠳᠣᠲᠣᠭᠰᠢ ᠬᠠᠷᠠᠬᠤᠶ᠎ᠠ᠂ ᠪᠢᠳᠡ ︽ᠭᠠᠳᠠᠭᠠᠳᠤ ᠣᠷᠴᠢᠨ ᠤ ᠳᠠᠷᠤᠯᠲᠠ ᠶᠡᠬᠡᠳᠴᠦ᠂ ᠳᠣᠲᠣᠭᠠᠳᠤ ᠶᠢᠨ | ᠬᠦᠴᠢᠷᠳᠡᠯ ᠨᠡᠮᠡᠭᠳᠡᠵᠦ ᠪᠠᠶᠢᠬᠤ︾ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠢ ᠰᠢᠪᠳᠤᠯᠤᠨ ᠭᠠᠷᠴᠤ᠂ | 2024 ᠣᠨ ᠳᠤ ︽ᠡᠮᠦᠨᠡᠬᠢ ᠨᠢ ᠥᠨᠳᠥᠷ᠂ ᠲᠤᠮᠳᠠᠭᠢ ᠨᠢ ᠳᠤᠤᠷ᠎ᠠ᠂ ᠬᠤᠶᠢᠨᠠᠬᠢ ᠨᠢ ᠰᠠᠶᠢᠵᠢᠷᠠᠬᠰᠠᠨ︾ | ᠠᠵᠢᠯᠯᠠᠭᠠᠨ ᠤ ᠪᠠᠶᠢᠳᠠᠯ ᠢ ᠵᠠᠮᠨᠠᠨ ᠭᠠᠷᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ | ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠲᠣᠮᠣ ᠤᠯᠤᠰ ᠤᠨ ᠠᠵᠤ ᠠᠬᠤᠶ ᠶᠢᠨ ᠪᠠᠲᠤ ᠴᠢᠩᠭ᠎ᠠ ᠤᠶᠠᠨ ᠬᠠᠲᠠᠨ | ᠴᠢᠨᠠᠷ ᠢ ᠢᠯᠡᠷᠡᠭᠦᠯᠪᠡ᠃ | ᠬᠥᠨᠳᠡᠯᠡᠨ ᠢᠶᠠᠷ ᠦᠵᠡᠪᠡᠯ᠂ 2024 ᠣᠨ ᠳᠤ ᠠᠮᠧᠷᠢᠺᠠ ᠶᠢᠨ ᠠᠵᠤ ᠠᠬᠤᠢ 2.8% ᠪᠠᠷ ᠨᠡᠮᠡᠭᠳᠡᠵᠦ᠂ | ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠢᠨᠢ 0.8% ᠪᠠᠷ ᠨᠡᠮᠡᠭᠳᠡᠵᠦ᠂ ᠪᠦᠬᠦ ᠪᠥᠮᠪᠥᠷᠴᠡᠭ ᠤᠨ | ᠠᠵᠤ ᠠᠬᠤᠢ ᠵᠢᠱᠢᠯᠲᠡ ᠪᠠᠷ 3.2% ᠢᠶᠠᠷ ᠨᠡᠮᠡᠭᠳᠡᠪᠡ᠃ ᠳᠤᠮᠳᠠᠳᠤ ᠤᠯᠤᠰ ᠳᠡᠯᠡᠬᠡᠶ ᠶᠢᠨ ᠬᠤᠶᠠᠳᠤᠭᠠᠷ ᠲᠣᠮᠣ | ᠠᠵᠤ ᠠᠬᠤᠶ ᠶᠢᠨ ᠴᠣᠭᠴᠠ ᠶᠢᠨ ᠳᠦᠷᠢ ᠪᠠᠶᠢᠳᠠᠯ ᠢᠶᠠᠷ᠂ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠴᠢᠳᠠᠪᠤᠷᠢ ᠪᠠᠷ᠂ 5% ᠶᠢᠨ ᠵᠢᠯ ᠤᠨ ᠨᠡᠮᠡᠭᠳᠡᠯ ᠤᠨ ᠬᠤᠷᠳᠤᠴᠠ ᠪᠠᠷ ᠥᠩᠭᠡ ᠦᠵᠡᠮᠵᠢ ᠨᠢ ᠤᠨᠴᠠ ᠰᠠᠶᠢᠨ | ᠪᠠᠶᠢᠨ᠎ᠠ᠃ | ᠡᠨᠡ ᠨᠢ ᠦᠨᠡᠨ ᠳᠡᠭᠡᠨ ᠨᠢᠭᠡ ᠵᠦᠢᠯ ᠤᠨ ︽ᠬᠤᠷᠳᠤᠳᠬᠠᠯ︾ ᠪᠣᠯᠤᠨ᠎ᠠ᠃ᠮᠠᠨ ᠤ ᠤᠯᠤᠰ ᠲᠤ | ᠦᠢᠯᠡᠳᠪᠦᠷᠢᠯᠡᠭᠰᠡᠨ ᠲᠣᠮᠣ ᠨᠢᠰᠬᠡᠯ C919 ᠶᠢᠨ ᠲᠡᠭᠡᠭᠡᠪᠦᠷᠢᠯᠡᠭᠰᠡᠨ ᠠᠶᠠᠨᠴᠢᠳ ᠤᠨ ᠲᠤᠭ᠎ᠠ ᠨᠡᠶᠢᠲᠡ 100 | ᠲᠦᠮᠡᠨ ᠬᠥᠮᠦᠨ ᠤᠳᠠᠭ᠎ᠠ ᠶᠢ ᠳᠠᠪᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠦᠢᠯᠡᠳᠪᠦᠷᠢᠯᠡᠯ ᠤᠨ | ᠬᠡᠮᠵᠢᠶ᠎ᠡ ᠠᠩᠬ᠎ᠠ ᠤᠳᠠᠭ᠎ᠠ 1000 ᠲᠦᠮᠡ ᠶᠢ ᠳᠠᠪᠠᠵᠤ᠂ ᠲᠦᠷᠭᠡᠨ ᠬᠦᠷᠭᠡᠯᠲᠡ ᠶᠢᠨ ᠵᠢᠯ ᠤᠨ ᠲᠤᠬᠠᠶᠢᠯᠠᠭᠰᠠᠨ | ᠠᠵᠢᠯ ᠤᠨ ᠬᠡᠮᠵᠢᠶ᠎ᠡ 1700 ᠳ᠋ᠦᠩᠰᠢᠭᠤᠷ ᠢᠵᠢ ᠶᠢ ᠳᠠᠪᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠨᠡᠶᠢᠲᠡ 10 ᠲᠦᠮᠡᠨ ᠴᠤᠪᠤᠭ᠎ᠠ ᠠᠶᠠᠯᠠᠵᠤ ᠁ ᠠᠮᠢᠵᠢᠷᠠᠯ ᠤᠨ ᠬᠦᠴᠦᠨ ᠪᠢᠯᠬᠠᠬᠰᠠᠨ ᠳᠤᠮᠳᠠᠳᠤ | ᠤᠯᠤᠰ ᠤᠨ ᠲᠤᠭᠠᠴᠢᠯᠠᠯᠳᠠ ᠶᠢᠨ ᠤᠷᠤᠰᠴᠠ ᠨᠢ ᠡᠨᠡ ᠬᠦ ᠠᠵᠤ ᠠᠬᠤᠶ ᠶᠢᠨ ᠲᠣᠮᠣ ᠬᠥᠯᠭᠡ ᠶᠢᠨ ︽ᠲᠤᠰᠤ | ᠨᠡᠮᠡᠵᠦ ᠦᠷᠭᠦᠯᠵᠢᠯᠡᠨ ᠠᠶᠠᠯᠠᠬᠤ︾ ᠳᠤ ᠬᠦᠴᠦᠨ ᠨᠡᠮᠡᠷᠢᠯᠡᠪᠡ᠃ᠡᠨᠡ ᠨᠢ ᠨᠢᠭᠡ ᠵᠦᠢᠯ ᠤᠨ ︽ᠭᠡᠳᠡᠷᠭᠦ ᠵᠦᠷᠢᠶᠡᠲᠦ | ᠲᠦᠷᠦᠭᠲᠡᠯ︾ ᠪᠠᠶᠢᠵᠤ ᠮᠡᠳᠡᠨ᠎ᠡ᠃ | ᠲᠦᠷᠭᠡᠨ ᠤ ᠭᠠᠯᠳᠤ ᠲᠡᠷᠭᠡᠨ ᠲᠡᠭᠡᠷ᠎ᠡ ᠳᠠᠷᠤᠪᠴᠢ ᠶᠢᠨ ᠲᠠᠪᠠᠬ ᠤᠨ ᠲᠠᠭᠤᠨ ᠳ᠋ᠢᠶᠠᠩᠬᠤᠸᠠ ᠶᠢᠨ ᠲᠠᠭᠤᠨ | ᠠᠳᠡ ᠲᠡᠨᠳᠡ ᠰᠣᠨᠣᠰᠳᠠᠵᠤ᠂ ᠵᠡᠭᠡᠯᠢ ᠭᠤᠳᠤᠮᠵᠢ ᠪᠠᠷ ᠬᠤᠭᠤᠯᠠ ᠪᠤᠳᠠᠭ᠎ᠠ ᠬᠦᠷᠭᠡᠳᠡᠭ ᠪᠢᠴᠢᠬᠠᠨ ᠠᠬ᠎ᠠ ᠨᠠᠷ | ᠶᠠᠭᠠᠷᠠᠯᠲᠠᠢ ᠠᠵᠢᠯᠯᠠᠵᠤ᠂ ᠬᠠᠯᠠᠮᠰᠢᠯ ᠲᠠᠢ ᠦᠵᠡᠰᠬᠦᠯᠡᠩ ᠤᠨ ᠪᠢᠯᠧᠲ ᠢ ᠨᠢᠭᠡ ᠶᠢ ᠤᠯᠬᠤ ᠳᠤ ᠴᠤ ᠬᠦᠴᠢᠷ | ᠪᠠᠶᠢᠵᠤ᠂ ᠬᠥᠮᠦᠨ ᠤ ᠳᠠᠯᠠᠢ ᠪᠤᠯᠤᠬᠰᠠᠨ ᠭᠠᠯᠲᠤ ᠲᠡᠷᠭᠡᠨ ᠦᠷᠳᠡᠭᠡ ᠳᠤ ︽ᠯᠠᠨ ᠶᠠ ᠴᠢᠬᠢᠪᠴᠢ ᠶᠢ ᠥᠪᠡᠷ ᠤᠨ | ᠭᠠᠷ ᠤᠳᠠᠰᠤᠨ ᠳᠠᠭᠠᠨ ᠵᠠᠯᠭᠠᠵᠤ ᠲᠡᠶᠢᠯᠭᠦ ᠦᠭᠡᠢ︾ ᠪᠠᠶᠢᠳᠠᠯ ᠭᠠᠷᠳᠠᠭ ᠁ ᠥᠨᠥᠳᠦᠷ ᠤᠨ ᠳᠤᠮᠳᠠᠳᠤ ᠤᠯᠤᠰ | ᠡᠶᠢᠨ ᠬᠦ ᠭᠠᠶᠢᠬᠠᠮᠰᠢᠭᠲᠠᠢ ᠪᠠᠶᠢᠵᠤ᠂ ︽ᠦᠢᠮᠡᠭᠡᠨ︾᠂ ︽ᠲᠦᠷᠬᠢᠯᠳᠦᠯ︾᠂ ︽ᠰᠢᠬᠠᠯᠲᠠ︾ ᠠᠴᠠ ᠶᠡᠷᠦ ᠨᠢ ︽ | ᠵᠢᠳᠭᠦᠯ︾᠂ ︽ᠴᠢᠷᠮᠠᠶᠢᠯᠳᠠ︾᠂ ︽ᠰᠢᠨᠡᠴᠢᠯᠡᠯᠲᠡ︾ ᠶᠢ ᠣᠯᠵᠤ ᠬᠠᠷᠠᠳᠠᠭ᠃ᠡᠭᠦᠨ ᠳᠤ ᠨᠢᠭᠡ ᠵᠦᠢᠯ ᠤᠨ ︽ | ᠬᠤᠪᠢᠰᠤᠩᠭᠤᠢ ᠠᠷᠭ᠎ᠠ︾ ᠠᠭᠤᠯᠤᠭᠳᠠᠵᠤ ᠪᠠᠶᠢᠨ᠎ᠠ᠃ | ᠨᠢᠭᠡ ᠲᠠᠯ᠎ᠠ ᠪᠠᠷ᠂ ᠭᠠᠳᠠᠭᠠᠳᠤ ᠣᠷᠴᠢᠨ ᠳᠤ ᠲᠣᠭᠲᠠᠪᠤᠷᠢ ᠦᠭᠡᠢ ᠴᠢᠨᠠᠷ ᠤᠷᠤᠰᠢᠵᠤ᠂ ᠰᠢᠨ᠎ᠡ ᠬᠠᠭᠤᠴᠢᠨ | ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠬᠡᠯᠡᠨ ᠤ ᠣᠷᠴᠢᠨ ᠳᠤ᠂ ᠥᠷᠢᠰᠥᠯᠳᠦᠭᠡᠨ ᠶᠡᠷᠦ ᠠᠴᠠ ᠵᠠᠶᠢᠯᠠᠵᠤ | ᠶᠠᠪᠤᠭ᠎ᠠ ᠦᠭᠡᠢ ᠶᠤᠮ᠃ ᠨᠦᠬᠦᠭᠡ ᠲᠠᠯ᠎ᠠ ᠪᠠᠷ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠤᠨ ᠳᠠᠪᠠᠭᠤᠯᠢᠭ᠂ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡᠨ ᠤ ᠳᠠᠪᠠᠭᠤᠯᠢᠭ᠂ | ᠠᠵᠤ ᠦᠢᠯᠡᠰ ᠤᠨ ᠰᠢᠰᠲ᠋ᠧᠮ ᠢ ᠢᠵᠢ ᠪᠦᠷᠢᠳᠦᠭᠦᠯᠭᠦ ᠬᠠᠩᠭᠠᠯᠭ᠎ᠠ ᠶᠢᠨ ᠳᠠᠪᠠᠭᠤᠯᠢᠭ᠂ ᠶᠡᠭᠡ ᠬᠡᠮᠵᠢᠶᠡᠨ ᠤ | ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠠᠵᠤ ᠠᠬᠤᠶᠢᠯᠠᠯᠲᠠᠨ ᠤ ᠴᠢᠳᠠᠪᠤᠷᠢᠲᠠᠨ ᠤ ᠳᠠᠪᠠᠭᠤᠯᠢᠭ ᠨᠢ | ᠢᠮᠠᠭᠲᠠ ︽ᠠᠬᠤᠢ ᠲᠠᠯᠠᠪᠠᠢ︾ ᠳᠤ ᠪᠠᠶᠢᠳᠠᠭ᠃ ᠬᠥᠳᠡᠯᠭᠡᠬᠦ ᠡᠨᠧᠷᠭᠢ ᠰᠣᠯᠢᠭᠳᠠᠵᠤ᠂ ᠬᠠᠭᠤᠴᠢᠨ ᠢ ᠡᠪᠳᠡᠨ | ᠰᠢᠨ᠎ᠡ ᠶᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ | ᠵᠢᠯ ᠳᠤ ᠨᠠᠩ ᠬᠢᠯᠠᠯᠵᠠᠬᠰᠠᠨ ᠡᠬᠢᠯᠡᠯᠲᠡ ᠪᠠᠷ ᠢᠲᠡᠭᠡᠯ ᠵᠣᠷᠢᠭ ᠤᠨ ︽ᠦᠨ᠎ᠡ ᠥᠷᠲᠡᠭ︾ ᠢ ᠳᠡᠭᠡᠭᠰᠢᠯᠡᠭᠦᠯᠪᠡ᠃ | ᠡᠨᠡ ᠨᠢ ᠨᠢᠭᠡ ᠵᠦᠢᠯ ᠤᠨ ︽ᠵᠠᠯᠠᠭᠤ ᠪᠠᠶᠢᠳᠠᠯ︾ ᠳᠡᠭᠡᠷ᠎ᠡ ᠢᠯᠡᠷᠡᠵᠦ ᠪᠠᠶᠢᠨ᠎ᠠ᠃ | ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ᠂ ︽ᠡᠨᠡ ᠬᠤᠭᠤᠴᠠᠭᠠᠨ ᠤ ᠵᠠᠯᠠᠭᠤᠴᠤᠳ ᠳᠤᠮᠳᠠᠳᠤ | ᠤᠯᠤᠰ ᠤᠨ ᠮᠠᠶ᠋ᠢᠭ ᠤᠨ ᠭᠤᠸ᠎ᠠ ᠰᠠᠶᠢᠬᠠᠨ ᠢ ᠪᠠᠭ᠋ᠠᠷᠬᠠᠨ ᠲᠡᠭᠠᠰᠢᠶᠠᠬᠤ ᠪᠤᠯᠵᠠᠢ︾ ᠭᠡᠬᠦ ᠶᠠᠷᠢᠶ᠎ᠠ ᠶᠡᠬᠡᠳᠡ ᠳᠡᠯᠭᠡᠷᠡᠵᠦ | ᠂ Z ᠦᠶ᠎ᠡ ᠶᠢᠨ ᠬᠢᠨ ᠤ ᠬᠡᠷᠡᠭᠯᠡᠭᠡ ᠥᠪᠡᠷᠮᠢᠴᠡ ᠣᠨᠴᠠᠯᠢᠭ ᠲᠠᠢ ᠪᠤᠯᠵᠤ᠂ ᠰᠣᠶᠣᠯ ᠤᠨ ᠢᠲᠡᠭᠡᠯ | ᠪᠤᠳᠠᠳᠠᠶᠢᠵᠢᠬᠰᠠᠨ ᠢ ᠬᠠᠷᠠᠭᠤᠯᠵᠠᠢ᠃ ᠰᠢᠨ᠎ᠡ ᠮᠠᠶ᠋ᠢᠭ ᠤᠨ ᠬᠢᠲᠠᠳ ᠬᠤᠪᠴᠠᠰᠤ ᠡᠮᠦᠰᠴᠦ᠂ ᠰᠤᠶᠤᠯ ᠤᠨ | ᠡᠭᠦᠳᠦᠯᠲᠡᠳᠦ ᠰᠡᠳᠬᠢᠭᠦᠢ ᠪᠠᠷ ᠬᠢᠭᠰᠡᠨ ᠬᠥᠯᠳᠡᠭᠡᠭᠦᠷ ᠤᠨ ᠨᠠᠭᠠᠯᠲᠠ ᠬᠤᠳᠠᠯᠳᠤᠨ ᠠᠪᠴᠤ᠂ ᠰᠢᠯᠢᠳᠡᠭ | ᠤᠯᠠᠮᠵᠢᠯᠠᠯᠲᠤ ᠰᠣᠶᠣᠯ ᠨᠢ 2 ᠲᠦᠮᠡᠨ ᠳ᠋ᠦᠩᠰᠢᠭᠤᠷ ᠭᠠᠷᠤᠶ ᠲᠥᠭᠦᠷᠢᠭ ᠤᠨ ᠬᠡᠪᠴᠢᠶᠡᠲᠦ ᠤᠯᠤᠰ ᠤᠨ | ᠤᠷᠤᠰᠬᠠᠯ ᠤᠨ ᠠᠵᠤ ᠠᠬᠤᠶ ᠳᠤ ᠢᠲᠡᠭᠡᠯ ᠵᠤᠷᠢᠭ ᠣᠯᠭᠤᠭᠰᠠᠨ ᠪᠠᠶᠢᠨ᠎ᠠ᠃ ᠰᠦᠯᠵᠢᠶᠡᠨ ᠤ ᠤᠳᠬ᠎ᠠ ᠵᠣᠬᠢᠶᠠᠯ᠂ | ᠪᠢᠴᠢᠯ ᠣᠬᠤᠷ ᠵᠦᠴᠦᠭᠡ ᠶᠢ ᠡᠰᠡᠷᠭᠦ ᠴᠢᠭᠯᠡᠯ ᠢᠶᠠᠷ ᠭᠠᠳᠠᠭᠰᠢ ᠭᠠᠷᠭᠠᠵᠤ᠂ ᠳᠡᠯᠡᠬᠡᠶ ᠶᠢ ᠲᠡᠭᠰᠢ ᠬᠠᠷᠠᠵᠤ ᠰᠢᠭᠰᠢᠨ | ᠱᠦᠭᠦᠪᠡ᠃ ᠬᠠᠷᠪᠢᠨ ᠤ ᠴᠠᠰᠤᠨ ᠴᠡᠴᠡᠭ ᠠᠴᠠ ᠴᠢᠤᠧᠠᠨᠵᠧᠤ ᠶᠢᠨ ᠬᠠᠳᠬᠤᠭᠤᠷ ᠴᠡᠴᠡᠭ ᠬᠦᠷᠲᠡᠯ᠎ᠡ᠂ ︽ᠡᠪᠡᠰᠦ | ᠲᠠᠷᠢᠬᠤ︾ ᠠᠵᠤ ᠠᠬᠤᠢ ᠨᠢ ᠰᠣᠶᠣᠯ ᠵᠢᠭᠤᠯᠴᠢᠯᠠᠯ ᠤᠨ ᠠᠵᠤ ᠦᠢᠯᠡᠰ ᠢ ᠤᠮᠳᠠᠯᠠᠪᠠ᠃ ᠤᠷᠬᠢᠯᠤᠨ ᠲᠠᠪᠠᠯᠭᠠᠯᠠᠬᠤ | ︽ᠬᠤᠶᠢᠨᠠᠬᠢ ᠳᠠᠪᠠᠯᠭᠠᠨ︾ ᠨᠢ ᠶᠠᠭ ᠲᠤᠮᠤ ᠤᠯᠤᠰ ᠤᠨ ᠤᠷᠤᠭᠰᠢᠯᠠᠯᠲᠠ ᠶᠢᠨ ︽ᠬᠠᠯᠠᠭᠤᠨ ᠳᠠᠪᠠᠯᠭᠠᠨ︾ ᠪᠤᠯᠵᠤ | ᠪᠠᠶᠢᠨ᠎ᠠ᠃ | ᠰᠠᠭᠤᠷᠢ ᠲᠠᠯᠪᠢᠵᠤ᠂ ᠡᠨᠧᠷᠭᠢ ᠬᠠᠳᠠᠭᠠᠯᠠᠨ᠂ ᠬᠦᠴᠦᠨ ᠴᠢᠳᠠᠪᠤᠷᠢ ᠪᠠᠨ ᠨᠡᠮᠡᠭᠳᠡᠭᠦᠯᠵᠦ᠂ ᠢᠲᠡᠭᠡᠯ ᠵᠣᠷᠢᠭ | ᠨᠢ ᠬᠤᠭᠤᠰᠣᠨ ᠢᠷᠡᠭᠰᠡᠨ ᠪᠢᠰᠢ ᠶᠤᠮ᠃ ᠳᠤᠮᠳᠠᠳᠤ ᠶᠢᠨ ᠪᠣᠯᠪᠠᠰᠤᠨ ᠤ 5000 ᠭᠠᠷᠤᠢ ᠵᠢᠯ ᠤᠨ ᠰᠢᠮᠡᠳᠦᠯ᠂ | ᠤᠢᠢᠷ᠎ᠠ ᠦᠶ᠎ᠡ ᠠᠴᠠ ᠨᠠᠭᠠᠰᠢᠬᠢ ᠵᠠᠭᠤ ᠭᠠᠷᠤᠢ ᠵᠢᠯ ᠤᠨ ᠲᠡᠰᠪᠦᠷᠢ ᠲᠠᠪᠴᠢᠶᠠᠷᠢ᠂ ᠥᠭᠡᠷᠡᠴᠢᠯᠡᠯᠲᠡ ᠨᠡᠭᠡᠭᠡᠯᠳᠠ | ᠬᠢᠭᠰᠡᠨ 40 ᠭᠠᠷᠤᠢ ᠵᠢᠯ ᠤᠨ ᠵᠤᠵᠠᠭᠠᠨ ᠬᠤᠷᠠᠮᠳᠤᠯ ᠨᠢ ᠰᠢᠨ᠎ᠡ ᠴᠠᠭ ᠦᠶ᠎ᠡ ᠶᠢᠨ ᠠᠭᠤᠤ ᠶᠡᠭᠡ | ᠬᠤᠪᠢᠰᠤᠯᠲᠠ ᠶᠢᠨ ᠳᠤᠮᠳᠠ ᠥᠷᠨᠢᠨ ᠬᠥᠭᠵᠢᠪᠡ᠃ ᠮᠥᠩᠭᠦᠨ ᠭᠦᠢᠯᠭᠡᠭᠡᠨ ᠤ ᠬᠢᠮᠤᠷᠠᠯ᠂ ᠠᠵᠤ ᠠᠬᠤᠢ | ᠠᠷᠠᠯᠵᠢᠶᠠᠨ ᠤ ᠮᠦᠷᠭᠦᠯᠳᠦᠭᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ | ᠪᠥᠮᠪᠥᠷᠴᠡᠭ ᠲᠤ ᠶᠡᠭᠡ ᠪᠠᠷ ᠦᠷᠪᠢᠰᠦᠨ ᠲᠡᠯᠭᠡᠷᠡᠭᠰᠡᠨ ᠁ ᠵᠠᠭᠤᠨ ᠵᠢᠯ ᠤᠨ ᠬᠤᠪᠢᠰᠤᠯᠲᠠ ᠲᠦᠷᠭᠡᠰᠦᠨ | ᠠᠬᠢᠪᠠ᠃ ᠳᠤᠮᠳᠠᠳᠤᠴᠤᠳ ᠶᠡᠷᠦ ᠠᠴᠠ ᠨᠤᠭᠤᠷᠠᠰᠢ ᠦᠭᠡᠢ ᠬᠠᠳᠠᠨ ᠵᠣᠷᠢᠭ ᠢᠶᠠᠷ ᠳᠤᠲᠠᠬᠤ ᠦᠭᠡᠢ ᠶᠤᠮ᠂ | ᠪᠣᠳᠠᠰ ᠤᠨ ᠮᠥᠷᠭᠦᠯᠳᠦᠭᠡᠨ ᠴᠦ ᠲᠡᠷᠡ᠂ ᠤᠶᠤᠨ ᠰᠠᠨᠠᠭᠠᠨ ᠤ ᠡᠰᠡᠷᠭᠦᠴᠡᠯᠳᠦᠯ ᠴᠦ ᠲᠡᠷᠡ᠂ ᠭᠤᠤ ᠭᠠᠨᠭ᠍ᠭ᠎ᠠ | ᠪᠠᠶᠢᠭᠰᠠᠨ ᠴᠤ ᠲᠡᠷᠡ ᠡᠴᠦᠰ ᠲᠡᠭᠡᠨ ︽ᠠᠭᠤᠯᠠ ᠳᠠᠪᠠᠭ᠎ᠠ ᠶᠢ ᠳᠠᠪᠠᠵᠤ︾ ᠴᠢᠳᠠᠳᠠᠭ᠃ᠢᠲᠡᠭᠡᠯ ᠵᠤᠷᠢᠭ ᠪᠤᠯ | ᠰᠣᠬᠤᠷ ᠪᠠᠯᠠᠶ ᠪᠠᠶᠠᠷᠯᠠᠩᠭᠤᠶ ᠪᠢᠰᠢ᠃ ᠵᠢᠱᠢᠯᠲᠡ ᠪᠠ ᠬᠠᠷᠠᠯᠲᠠ ᠶᠢᠨ ᠲᠤᠯᠭᠠᠭᠤᠷᠢᠯᠠᠨ ᠦᠰᠦᠷᠬᠦ ᠶᠢ ᠰᠠᠶᠢᠲᠤᠷ | ᠠᠳᠬᠤᠵᠤ᠂ ︽ᠦᠰᠦᠷᠴᠦ ᠬᠠᠷᠠᠶᠢᠪᠠᠯ ᠬᠦᠷᠴᠦ ᠳᠡᠶᠢᠯᠬᠦ︾ ᠪᠠᠭᠠᠵᠢ ᠶᠢᠨ ᠬᠠᠶᠢᠷᠴᠠᠭ ᠢᠶᠠᠷ ᠪᠠᠶᠠᠯᠢᠬᠵᠢᠭᠤᠯᠵᠤ᠂ | ᠢᠷᠡᠭᠡᠳᠦᠶ ᠳᠤ ᠤᠯᠠᠮ ᠢᠲᠡᠭᠡᠯ ᠲᠠᠢ ᠪᠤᠯᠬᠤ ᠲᠤᠳᠤᠮ ᠣᠳᠣᠬᠠᠨ ᠳᠤ ᠤᠯᠠᠮ ᠬᠦᠯᠢᠴᠡᠩᠭᠦᠶ ᠪᠠᠶᠢᠬᠤ ᠬᠡᠷᠡᠭᠲᠡᠶ᠃ | ︽ᠠᠶᠤᠯ ᠲᠦᠭᠰᠢᠭᠦᠷᠢ ᠶᠢ ᠢᠯᠡᠨ ᠳᠠᠪᠠᠵᠤ ᠠᠶᠠᠨ ᠳᠠᠭᠠᠨ ᠲᠠᠬᠢᠨ ᠮᠤᠷᠳᠠᠬᠰᠠᠨ︾ ᠡᠤ ᠺᠦᠡᠭ ᠭᠡᠰᠡᠨ | ᠦᠭᠡᠢ᠂ ︽ᠡᠮᠦᠨ᠎ᠡ ᠵᠠᠮ ᠦᠭᠡᠢ ᠪᠤᠯᠪᠠᠰᠤ ᠪᠢ ᠨᠢᠭᠡ ᠵᠠᠮ ᠢ ᠵᠠᠮᠨᠠᠵᠤ ᠭᠠᠷᠭᠠᠨ᠎ᠠ︾ ᠭᠡᠰᠡᠨ ᠨᠧ ᠵᠠ ᠭᠡᠰᠡᠨ ᠦᠭᠡᠢ | ᠂ ᠰᠢᠨ᠎ᠡ ᠡᠭᠦᠷᠭᠡ ᠪᠠᠷ ᠪᠡᠶᠡᠯᠡᠭᠦᠯᠭᠦ ᠵᠠᠮ ᠢᠶᠠᠷ ᠶᠠᠭᠠᠷᠠᠯᠳᠠᠢ ᠤᠷᠤᠬᠰᠢᠯᠠᠵᠤ ᠪᠠᠶᠢᠭ᠎ᠠ ᠨᠢ ᠴᠠᠭ ᠦᠶ᠎ᠡ ᠶᠢᠨ ᠰᠡᠳᠦᠪ | ᠪᠣᠯᠬᠤ ᠪᠠᠷ ᠪᠠᠷᠠᠬᠤ ᠦᠭᠡᠢ ᠪᠠᠰᠠ ᠴᠤ ᠬᠥᠮᠦᠨ ᠤ ᠠᠮᠢᠳᠤᠷᠠᠯ ᠤᠨ ᠰᠡᠳᠦᠪ ᠪᠣᠯᠤᠨ᠎ᠠ᠂ ᠬᠥᠮᠦᠨ ᠪᠦᠬᠦᠨ ᠴᠥᠮ | ᠭᠤᠣᠯ ᠪᠠᠭᠠᠲᠤᠷ ᠪᠣᠯᠤᠨ᠎ᠠ᠂ ᠵᠤᠷᠪᠤᠰ ᠵᠤᠷᠪᠤᠰ ᠪᠢᠴᠢᠯ ᠭᠡᠷᠡᠯ ᠨᠢ ᠴᠥᠮ ᠭᠢᠯᠪᠠᠭ᠎ᠠ ᠰᠠᠴᠤᠷᠠᠨ᠎ᠠ᠃ | ︽ᠪᠢᠳᠡ ᠶᠡᠷᠦ ᠠᠴᠠ ᠰᠠᠯᠬᠢ ᠪᠣᠷᠣᠭᠠᠨ ᠤ ᠤᠬᠢᠶᠠᠯ ᠤᠨ ᠳᠤᠮᠳᠠ ᠦᠰᠦᠨ ᠪᠤᠶᠢᠵᠢᠵᠤ᠂ ᠦᠷᠢᠰᠦᠯᠳᠦᠭᠡᠨ | ᠰᠢᠯᠭᠠᠯᠲᠠ ᠶᠢᠨ ᠳᠤᠮᠳᠠ ᠪᠤᠵᠠᠭᠠᠶᠢᠷᠠᠳᠠᠭ ᠲᠤᠯᠠ ᠤᠯᠠᠨ ᠢᠶᠠᠷ ᠢᠶᠠᠨ ᠢᠲᠡᠭᠡᠯ ᠲᠡᠭᠦᠯᠳᠡᠷ ᠪᠠᠶᠢᠬᠤ ᠬᠡᠷᠡᠭᠲᠡᠢ︾᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠤᠭ᠎ᠠ ᠶᠡᠭᠡ ᠬᠦᠦᠷᠨᠢᠯ ᠪᠤᠯᠬᠤ ᠪᠦᠭᠡᠳ ᠪᠠᠰᠠ | ᠴᠤ ᠠᠮᠢᠳᠤᠯᠢᠭ ᠦᠯᠢᠭᠡᠷ᠂ ᠤᠷᠲᠤ ᠬᠤᠭᠤᠴᠠᠭᠠᠨ ᠤ ᠬᠦᠦᠷᠨᠢᠯ ᠮᠥᠨ᠃ ᠵᠠᠮ ᠬᠠᠮᠢᠭ᠎ᠠ ᠪᠠᠶᠢᠭ᠎ᠠ ᠪᠤᠢ ᠭᠡᠪᠡᠯ ᠵᠠᠮ | ᠦᠯᠡᠮᠡᠢ ᠳᠤᠤᠷ᠎ᠠ ᠴᠢᠨᠢ ᠪᠠᠶᠢᠨ᠎ᠠ᠃ |