ᠠᠯᠪᠠᠲᠠᠨ ᠡᠯᠰᠡᠬᠦ ᠨᠠᠰᠤ ᠵᠢᠯ ᠢ ᠠᠭᠤᠵᠢᠭᠤ ᠲᠠᠯᠪᠢᠵᠤ᠂ ᠤᠷᠢᠳᠠᠪᠠᠷ ᠡᠯᠰᠡᠨ ᠬᠡᠷᠡᠭᠯᠡᠬᠦ ᠬᠡᠵᠦ ᠪᠠᠶᠢᠨ᠎ᠠ︕
ᠨᠡᠶᠢᠲᠡᠯᠡᠭᠰᠡᠨ ᠴᠠᠭ᠄
2025/2/18
      ᠣᠶᠢᠷ᠎ᠠ ᠳᠤ᠂ ᠪᠥᠬᠦ ᠤᠯᠤᠰ ᠤᠨ ᠡᠯ᠎ᠡ ᠮᠤᠵᠢ ᠣᠷᠣᠨ ᠬᠤᠲᠠ ᠶᠢᠨ 2025 ᠣᠨ ᠤ ᠠᠯᠪᠠᠲᠠᠨ ᠡᠯᠰᠡᠬᠦ ᠰᠢᠯᠭᠠᠯᠲᠠ ᠶᠢᠨ ᠠᠵᠢᠯ ᠵᠠᠯᠭᠠᠭ᠎ᠠ ᠪᠠᠷ ᠡᠬᠢᠯᠡᠵᠦ᠂ ᠬᠡᠰᠡᠭ ᠭᠠᠵᠠᠷ ᠣᠷᠣᠨ ᠨᠢᠭᠡᠨᠲᠡ ᠠᠯᠪᠠᠲᠠᠨ ᠡᠯᠰᠡᠬᠦ ᠲᠣᠪᠴᠢ ᠲᠦᠷᠢᠮ ᠪᠠ ᠠᠵᠢᠯ ᠤᠨ ᠪᠠᠶᠢᠷᠢ ᠶᠢᠨ ᠲᠤᠬᠠᠢ ᠲᠣᠳᠣᠷᠬᠠᠶ ᠬᠠᠭᠤᠳᠠᠰᠤ ᠨᠡᠶᠢᠲᠡᠯᠡᠵᠦ᠂ ᠣᠯᠠᠨ ᠭᠠᠵᠠᠷ ᠤᠨ ᠬᠢᠨ ᠵᠣᠬᠢᠬᠤ ᠬᠠᠷᠢᠴᠠᠯ ᠤᠨ ᠠᠵᠢᠯ ᠤᠨ ᠪᠠᠶᠢᠷᠢ ᠭᠠᠷᠭᠠᠵᠤ ᠲᠤᠰᠬᠠᠶᠢᠯᠠᠨ ᠴᠡᠷᠢᠭ ᠤᠨ ᠠᠯᠪᠠᠨ ᠠᠴᠠ ᠪᠠᠭᠤᠭᠰᠠᠳ ᠲᠤ ᠬᠠᠨᠳᠤᠭᠤᠯᠤᠨ ᠠᠯᠪᠠᠳᠠᠨ ᠡᠯᠰᠡᠬᠦ ᠪᠠᠷ ᠪᠠᠶᠢᠨ᠎ᠠ᠃ ᠠᠯᠪᠠᠳᠠᠨ ᠡᠯᠰᠡᠬᠦ ᠶᠠᠪᠤᠴᠠ ᠳᠤ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠰᠤ ᠵᠢᠯ ᠢ ᠠᠭᠤᠵᠢᠭᠤ ᠲᠠᠯᠪᠢᠬᠤ᠂ ᠤᠷᠢᠳᠠᠪᠠᠷ ᠡᠯᠰᠡᠨ ᠬᠡᠷᠡᠭᠯᠡᠬᠦ ᠵᠡᠷᠭᠡ ᠠᠵᠢᠯ ᠣᠯᠭᠤᠯᠲᠠ ᠶᠢᠨ ᠬᠠᠷᠠᠭᠠᠯᠵᠠᠯ ᠢ ᠬᠦᠷᠳᠡᠭᠡᠬᠦ ᠪᠣᠯᠤᠨ᠎ᠠ᠃ ᠡᠲᠡᠭᠡᠷ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠡᠷᠡᠭᠴᠡᠭᠡ ᠲᠠᠢ ᠬᠥᠮᠦᠰ ᠲᠤ ᠲᠦᠷᠭᠡᠨ ᠳᠠᠮᠵᠢᠭᠤᠯᠤᠨ ᠦᠭᠭᠦᠭᠡᠷᠡᠢ︕ᠣᠶᠢᠷ᠎ᠠ ᠶᠢᠨ ᠬᠤᠭᠤᠴᠠᠭ᠎ᠠ ᠪᠣᠯ ᠮᠤᠵᠢ ᠶᠢᠨ ᠠᠯᠪᠠᠳᠠᠨ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠲᠥᠪᠯᠡᠷᠡᠭᠰᠡᠨ ᠬᠤᠭᠤᠴᠠᠭ᠎ᠠ ᠪᠣᠯᠬᠤ ᠪᠥᠭᠡᠳ ᠪᠠᠰᠠ ᠴᠤ ᠴᠡᠷᠢᠭ ᠤᠨ ᠠᠯᠪᠠᠨ ᠠᠴᠠ ᠪᠠᠭᠤᠭᠰᠠᠳ ᠢ ᠲᠤᠰᠬᠠᠶ ᠡᠯᠰᠡᠬᠦ ᠲᠥᠪᠯᠡᠷᠡᠭᠰᠡᠨ ᠬᠤᠭᠤᠴᠠᠭ᠎ᠠ ᠪᠣᠯᠤᠨ᠎ᠠ᠂ ᠵᠢᠯ ᠪᠦᠷᠢ ᠶᠢᠨ ᠠᠯᠪᠠᠲᠠᠨ ᠡᠯᠰᠡᠬᠦ ᠰᠢᠯᠭᠠᠯᠲᠠ ᠠᠴᠠ ᠭᠠᠳᠠᠨ᠎ᠠ ᠡᠯ᠎ᠡ ᠭᠠᠵᠠᠷ ᠤᠨ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠴᠦ ᠴᠡᠷᠢᠭ ᠤᠨ ᠠᠯᠪᠠᠨ ᠠᠴᠠ ᠪᠠᠭᠤᠭᠰᠠᠳ ᠢ ᠲᠣᠭᠲᠠᠮᠠᠯ ᠪᠤᠰᠤ ᠬᠤᠭᠤᠴᠠᠭ᠎ᠠ ᠲᠠᠢ ᠪᠤᠶᠤ ᠬᠠᠨᠳᠤᠯᠭ᠎ᠠ ᠲᠠᠢ ᠪᠠᠷ ᠡᠯᠰᠡᠬᠦ ᠪᠣᠯᠤᠨ᠎ᠠ᠂ ᠤᠯᠤᠰ ᠲᠥᠷᠥ ᠬᠠᠤᠯᠢ ᠴᠠᠭᠠᠵᠠ᠂ ᠴᠠᠭᠳᠠᠭ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠡᠷᠭᠡ ᠰᠢᠰᠲ᠋ᠧᠮ ᠤᠨ ᠬᠢᠨ ᠴᠤ ᠨᠡᠩ ᠢᠯᠡᠬᠦᠤ ᠴᠡᠷᠢᠭ ᠤᠨ ᠠᠯᠪᠠᠨ ᠠᠴᠠ ᠪᠠᠭᠤᠭᠰᠠᠳ ᠢ ᠣᠷᠳᠣ ᠬᠤᠭᠤᠴᠠᠭ᠎ᠠ ᠪᠠᠷ ᠡᠯᠰᠡᠨ ᠬᠡᠷᠡᠭᠯᠡᠨ᠎ᠡ᠃      ᠰᠠᠨᠠᠭᠤᠯᠤᠮᠵᠢ᠄ ᠡᠷᠬᠡᠪᠰᠢ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠡᠵᠡᠮᠰᠢᠬᠦ ᠬᠡᠷᠡᠭᠲᠡᠶ᠃ ᠨᠡᠷ᠎ᠡ ᠮᠡᠳᠡᠭᠦᠯᠬᠦ ᠴᠠᠭ ᠢ ᠠᠯᠳᠠᠵᠤ ᠶᠠᠪᠤᠭᠤᠯᠵᠤ ᠪᠣᠯᠬᠤ ᠥᠬᠡᠶ᠃ ᠥᠪᠡᠷ ᠤᠨ ᠬᠡᠷᠡᠭᠴᠡᠭᠡ ᠱᠠᠭᠠᠷᠳᠠᠯᠭ᠎ᠠ ᠳᠠᠭᠠᠨ ᠨᠡᠶᠢᠴᠡᠭᠰᠡᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠥᠷᠭᠡᠨ ᠢᠶᠠᠷ ᠬᠠᠶᠢᠵᠤ᠂ ᠠᠵᠢᠯ ᠣᠯᠬᠤ ᠠᠷᠭ᠎ᠠ ᠵᠠᠮ  ᠢᠶᠠᠨ ᠥᠷᠭᠡᠳᠬᠡᠭᠡᠷᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号