3 ᠰᠠᠷ᠎ᠠ ᠶᠢᠨ 31 ᠤ ᠡᠳᠦᠷ ᠠᠴᠠ ᠡᠮᠦᠨ᠎ᠡ ᠭᠤᠶᠤᠴᠢᠯᠠᠭᠠᠷᠠᠢ
ᠨᠡᠶᠢᠲᠡᠯᠡᠭᠰᠡᠨ ᠴᠠᠭ᠄
2025/2/18
      ︽ᠭᠠᠶᠢᠯᠢ ᠶᠢᠨ ᠵᠤᠭᠤᠰ ᠢ ᠣᠷᠣᠯᠠᠨ ᠰᠠᠭᠤᠯᠭᠠᠵᠦ ᠠᠪᠬᠤ ᠣᠷᠣᠯᠠᠨ ᠬᠤᠷᠢᠶᠠᠵᠦ ᠠᠪᠬᠤ ᠣᠷᠣᠯᠠᠨ ᠲᠠᠲᠠᠪᠤᠷᠢᠯᠠᠬᠤ ᠭᠠᠷ ᠭᠦᠢᠴᠡᠳᠬᠡᠯ ᠤᠨ ᠰᠦᠢᠳᠬᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠡᠳ᠋ ᠤᠨ ᠵᠠᠰᠠᠭ ᠤᠨ ᠶᠠᠮᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ︵ᠭᠠᠶᠢᠯᠢ ᠶᠡᠷᠦᠩᠬᠡᠶ ᠡᠳ᠋ ᠤᠨ ᠶᠠᠪᠤᠳᠠᠯ ᠤᠨ ᠲᠠᠷᠬᠠᠭᠠᠭᠰᠠᠨ〔 2023〕48 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠪᠡᠯ᠂ ᠣᠷᠣᠯᠠᠨ ᠰᠠᠭᠤᠯᠭᠠᠵᠤ ᠠᠪᠬᠤ ᠣᠷᠣᠯᠠᠨ ᠬᠤᠷᠢᠶᠠᠵᠤ ᠠᠪᠬᠤ ᠰᠠᠭᠤᠯᠭᠠᠨ ᠠᠪᠴᠤ ᠲᠤᠰᠢᠶᠠᠬᠤ ᠡᠭᠦᠷᠭᠡᠳᠡᠨ ᠪᠠ ᠣᠷᠣᠯᠠᠨ ᠲᠠᠲᠠᠪᠤᠷᠢᠯᠠᠭᠴᠢ ᠨᠢ ᠵᠢᠯ ᠪᠦᠷᠢ ᠶᠢᠨ 3 ᠰᠠᠷ᠎ᠠ ᠶᠢᠨ 31 ᠤ ᠡᠳᠦᠷ ᠠᠴᠠ ᠡᠮᠦᠨ᠎ᠡ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠲᠦᠷᠦᠬᠦᠤ ᠨᠢᠭᠡ ᠵᠢᠯ ᠤᠨ ︽ᠭᠤᠷᠪᠠ ᠶᠢ ᠤᠷᠤᠯᠠᠬᠤ︾ ᠭᠠᠶᠢᠯᠢ ᠶᠢᠨ ᠭᠠᠷ ᠭᠦᠢᠴᠡᠳᠬᠡᠯ ᠤᠨ ᠰᠦᠢᠳᠬᠡᠯ ᠤᠨ ᠭᠤᠶᠤᠴᠢᠯᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠬᠡᠷᠡᠭᠲᠡᠶ᠂ ︽ᠭᠤᠷᠪᠠ ᠶᠢ ᠤᠷᠤᠯᠠᠬᠤ︾ ᠨᠢᠭᠡᠴᠡ ᠪᠤᠶᠤ ᠬᠤᠪᠢ ᠬᠥᠮᠦᠨ ᠤ ᠲᠣᠰ ᠪᠡᠶ᠎ᠡ ᠶᠢᠨ ᠰᠢᠯᠲᠠᠭᠠᠨ ᠠᠴᠠ ᠪᠣᠯᠵᠣ ᠴᠠᠭ ᠲᠤᠬᠠᠶ ᠳᠤᠨᠢ ᠭᠤᠶᠤᠴᠢᠯᠠᠯ ᠢᠶᠠᠨ ᠲᠤᠰᠢᠶᠠᠬᠤ ᠥᠬᠡᠶ ᠪᠤᠯ᠂ ᠲᠦᠷᠦᠬᠦᠤ ᠨᠢᠭᠡ ᠵᠢᠯ ᠤᠨ ︽ᠭᠤᠷᠪᠠ ᠶᠢ ᠣᠷᠣᠯᠠᠬᠤ︾ ᠭᠠᠶᠢᠯᠢ ᠶᠢᠨ ᠭᠠᠷ ᠭᠦᠢᠴᠡᠳᠬᠡᠯ ᠤᠨ ᠰᠦᠢᠳᠬᠡᠯ ᠢ ᠠᠶᠠᠨᠳᠠᠭᠠᠨ ᠲᠠᠶᠠᠬᠳᠠᠬᠰᠠᠨ ᠢᠶᠠᠷ ᠦᠵᠡᠨ᠎ᠡ᠃      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠬᠠᠤᠯᠢ︾ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠠᠭᠤᠯᠭᠠᠨ ᠠᠪᠴᠤ ᠲᠤᠰᠢᠶᠠᠬᠤ ᠡᠭᠦᠷᠭᠡᠳᠡᠨ ᠨᠢ ᠰᠠᠭᠤᠯᠭᠠᠨ ᠲᠤᠰᠢᠶᠠᠭᠰᠠᠨ ᠭᠠᠶᠢᠯᠢ ᠶᠢᠨ ᠵᠣᠭᠤᠰ ᠤᠨ ᠢᠶᠠᠨ ᠵᠠᠭᠤᠨ ᠤ ᠬᠤᠶᠠᠷ ᠢᠶᠠᠷ ᠭᠠᠷ ᠭᠦᠢᠴᠡᠳᠬᠡᠯ ᠤᠨ ᠰᠦᠢᠳᠬᠡᠯ ᠲᠤᠰᠢᠶᠠᠬᠤ ᠬᠡᠷᠡᠭᠲᠡᠶ᠃      2025 ᠣᠨ ᠤ 1ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ᠂ ᠰᠠᠭᠤᠯᠭᠠᠨ ᠲᠤᠰᠢᠶᠠᠬᠤ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ ᠪᠠᠶᠢᠭᠠᠯᠢᠭ ᠬᠥᠮᠦᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠰᠠᠭᠤᠯᠭᠠᠨ ᠲᠤᠰᠢᠶᠠᠬᠤ ᠦᠵᠦᠭᠦᠷ︶ ᠪᠠᠷ ᠳᠠᠮᠵᠢᠭᠤᠯᠤᠨ ︽ᠭᠠᠷ ᠭᠦᠢᠴᠡᠳᠬᠡᠯ ᠤᠨ ᠰᠦᠢᠳᠬᠡᠯ ᠪᠤᠴᠠᠭᠠᠨ ᠦᠭᠭᠦ ᠶᠢ ᠬᠠᠷᠭᠤᠭᠤᠯᠬᠤ︾ ᠴᠢᠳᠠᠮᠵᠢ ᠪᠠᠷ 2024 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠰᠠᠭᠤᠯᠭᠠᠨ ᠠᠪᠴᠤ ᠲᠤᠰᠢᠶᠠᠬᠤ ᠭᠠᠷ ᠭᠦᠢᠴᠡᠳᠬᠡᠯ ᠤᠨ ᠰᠦᠢᠳᠬᠡᠯ ᠢ ᠪᠤᠴᠠᠭᠠᠨ ᠠᠪᠬᠤ ᠪᠠᠷ ᠭᠤᠶᠤᠴᠢᠯᠠᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号